ᠤᠢᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠵᠠᠯᠠᠭᠤ ᠺᠠᠳ᠋ᠷᠴᠤᠳ ᠢ ᠬᠦᠮᠤᠵᠢᠭᠦᠯᠵᠤ ᠰᠤᠩᠭᠤᠨ ᠲᠡᠪᠰᠢᠭᠦᠯᠭᠦ | ᠠᠵᠢᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ | ᠦᠢᠯᠡᠰ ᠤᠨ ᠤᠷᠳᠤ ᠬᠤᠭᠤᠴᠠᠭᠠᠨ ᠤ ᠬᠦᠭᠵᠢᠯᠳᠡ ᠶᠢᠨ ᠭᠡᠷᠡᠭᠴᠡᠭᠡ ᠶᠢᠨ ᠲᠤᠭᠤᠷᠢᠨ ᠳᠤ ᠰᠢᠯᠢᠳᠡᠭ ᠵᠠᠯᠠᠭᠤ ᠺᠠᠳ᠋ᠷ ᠢ | ᠬᠦᠮᠤᠵᠢᠭᠦᠯᠤᠨ ᠰᠤᠩᠭᠤᠨ ᠲᠡᠪᠰᠢᠭᠦᠯᠭᠦ ᠶᠢ ᠪᠦᠬᠦ ᠬᠤᠰᠢᠭᠤᠨ ᠤ ᠺᠠᠳ᠋ᠷ ᠤᠨ ᠡ᠊ᠡᠭᠨᠡᠭᠡᠨ ᠤ ᠪᠠᠶᠢᠭᠤᠯᠤᠯᠳᠠ ᠶᠢᠨ | ᠶᠡᠷᠦᠩᠭᠡᠢ ᠲᠦᠰᠤᠪ ᠲᠤ ᠤᠷᠤᠭᠤᠯᠵᠤ᠂ ᠵᠦᠪ ᠤᠨᠤᠪᠴᠢᠳᠠᠢ ᠪᠠᠷ ᠰᠤᠩᠭᠤᠬᠤ᠂ ᠰᠠᠶᠢᠳᠤᠷ ᠬᠦᠮᠤᠵᠢᠭᠦᠯᠭᠦ᠂ | ᠰᠠᠶᠢᠳᠤᠷ ᠭᠡᠷᠡᠭᠵᠢᠭᠦᠯᠵᠤ᠂ ᠴᠢᠩᠭ᠎ᠠ ᠪᠠᠷ ᠬᠠᠮᠢᠶᠠᠷᠬᠤ ᠶᠢ ᠪᠠᠷᠢᠮᠳᠠᠯᠠᠵᠤ᠂ ᠵᠠᠯᠠᠭᠤ ᠺᠠᠳ᠋ᠷᠴᠤᠳ ᠤᠨ ᠡ᠊ᠡᠭᠨᠡᠭᠡᠨ ᠤ | ᠪᠠᠶᠢᠭᠤᠯᠤᠯᠳᠠ ᠶᠢ ᠬᠦᠴᠤ ᠪᠠᠨ ᠲᠦᠪᠯᠡᠷᠡᠭᠦᠯᠤᠨ ᠴᠢᠩᠭᠠᠳᠬᠠᠵᠤ ᠪᠠᠶᠢᠨ᠎ᠠ᠃ | ᠨᠢᠭᠡ ᠳᠤ᠂ ᠲᠤᠭᠳᠠᠴᠠ ᠪᠠᠨ ᠲᠡᠭᠦᠯᠳᠡᠷᠵᠢᠭᠦᠯᠵᠤ᠂ ᠵᠠᠯᠠᠭᠤ ᠺᠠᠳ᠋ᠷᠴᠤᠳ ᠢ ᠬᠦᠮᠤᠵᠢᠭᠦᠯᠵᠤ ᠰᠤᠩᠭᠤᠨ | ᠲᠡᠪᠰᠢᠭᠦᠯᠭᠦ ᠠᠵᠢᠯ ᠢ ᠪᠠᠶᠢᠡᠭᠭᠤᠵᠢᠭᠤᠯᠵᠤ ᠪᠤᠢ᠃ ᠬᠤᠶᠠᠷ ᠲᠤ᠂ ᠮᠤᠷᠠᠯ ᠴᠢᠳᠠᠪᠤᠷᠢ ᠬᠤᠤᠰᠯᠠᠭᠰᠠᠨ᠂ ᠠᠵᠢᠯ ᠤᠨ | ᠴᠢᠳᠠᠪᠤᠷᠢ ᠪᠠᠷ ᠲᠤᠪᠤᠶᠢᠮ᠎ᠠ᠂ ᠬᠦᠭᠵᠢᠯᠳᠡ ᠶᠢᠨ ᠨᠢᠭᠤᠭᠳᠠᠮᠠᠯ ᠬᠦᠴᠤᠨ ᠢᠶᠠᠷ ᠶᠡᠭᠡ ᠵᠠᠯᠠᠭᠤ ᠺᠠᠳ᠋ᠷᠴᠤᠳ ᠢ ᠪᠡᠯᠡᠳᠭᠡᠯ | ᠺᠠᠳ᠋ᠷ ᠤᠨ ᠨᠡᠷᠡᠰ ᠲᠤ ᠵᠢᠭᠰᠠᠭᠠᠵᠤ ᠪᠤᠢ᠃ ᠭᠤᠷᠪᠠ ᠳᠤ᠂ ᠤᠯᠠᠨ ᠲᠦᠷᠤᠯ ᠤᠨ ᠠᠷᠭ᠎ᠠ ᠭᠡᠮᠵᠢᠶ᠎ᠠ ᠠᠪᠴᠤ ᠵᠠᠯᠠᠭᠤ | ᠺᠠᠳ᠋ᠷᠴᠤᠳ ᠤᠨ ᠪᠤᠯᠪᠠᠰᠤᠷᠠᠯ ᠬᠦᠮᠤᠵᠢᠯ ᠢ ᠠᠳᠬᠤᠵᠤ ᠪᠤᠢ᠃ ᠲᠦᠷᠪᠡ ᠳᠤ᠂ ᠵᠤᠷᠢᠭᠳᠠᠢ ᠪᠠᠷ ᠭᠡᠷᠡᠭᠯᠡᠵᠤ᠂ | ᠰᠢᠯᠢᠳᠡᠭ ᠵᠠᠯᠠᠭᠤ ᠺᠠᠳ᠋ᠷᠴᠤᠳ ᠢ ᠰᠤᠩᠭᠤᠨ ᠲᠡᠪᠰᠢᠭᠦᠯᠭᠦ ᠬᠦᠴᠤᠯᠡᠴᠡ ᠪᠠᠨ ᠨᠡᠮᠡᠭᠳᠡᠭᠦᠯᠵᠤ ᠪᠤᠢ᠃ ᠲᠠᠪᠤ ᠳᠤ᠂ | ᠬᠠᠮᠢᠶᠠᠷᠤᠯᠳᠠ ᠪᠠᠨ ᠡᠷᠴᠢᠮᠵᠢᠭᠦᠯᠵᠤ᠂ ᠵᠠᠯᠠᠭᠤ ᠺᠠᠳ᠋ᠷ ᠤᠨ ᠡ᠊ᠡᠭᠨᠡᠭᠡᠨ ᠤ ᠠᠮᠢᠳᠤᠯᠢᠭ ᠬᠦᠴᠤᠨ ᠢ ᠪᠠᠳᠤᠯᠠᠵᠤ ᠪᠤᠢ᠃ |