ᠰᠢ ᠶᠢᠨ ᠫᠢᠩ᠄ ᠤᠯᠤᠰ ᠤᠨ ᠢᠶᠠᠨ ᠪᠠᠶᠢᠳᠠᠯ ᠳᠤ ᠲᠤᠬᠢᠷᠠᠭᠰᠠᠠ ᠬᠦᠮᠥᠨ ᠤ ᠡᠷᠬᠡ ᠶᠢᠨ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠥ ᠬᠦᠮᠥᠨ ᠤ ᠪᠦᠬᠦ ᠲᠡᠯ᠎ᠡ ᠶᠢᠨ ᠬᠦᠭᠵᠢᠯᠳᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2018-12-13
      ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠴᠠᠬᠢᠯᠭᠠᠨ ᠮᠡᠳᠡᠭᠡ 12 ᠰᠠᠷ᠎ᠠ ᠶᠢᠨ 10 ᠤ ᠡᠳᠤᠷ᠂ ︽ᠲᠡᠯᠡᠬᠡᠢ ᠶᠢᠨ ᠬᠦᠮᠥᠨ ᠤ ᠡᠷᠬᠡ ᠶᠢᠨ ᠲᠤᠩᠬᠠᠭ︾ ᠨᠡᠶᠢᠳᠡᠯᠡᠭᠳᠡᠭᠰᠡᠡ 70 ᠵᠢᠯ ᠤᠨ ᠤᠢ ᠶᠢ ᠲᠤᠷᠠᠰᠬᠠᠬᠤ ᠶᠠᠷᠢᠯᠴᠠᠬᠤ ᠬᠤᠷᠡᠯ ᠪᠡᠬᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠷᠡᠬᠦᠯᠵᠥ᠂ ︽ᠲᠡᠯᠡᠬᠡᠢ ᠶᠢᠨ ᠬᠦᠮᠥᠨ ᠤ ᠡᠷᠬᠡ ᠶᠢᠨ ᠲᠤᠩᠬᠠᠭ︾ ᠪᠤᠯ ᠬᠦᠮᠥᠨ ᠲᠦᠷᠦᠯᠬᠢᠳᠡᠨ ᠤ ᠪᠤᠯᠪᠠᠰᠤᠨ ᠤ ᠬᠦᠭᠵᠢᠯᠳᠡ ᠶᠢᠨ ᠲᠡᠤᠬᠡᠨ ᠲᠡᠬᠡᠷᠡᠬᠢ ᠴᠢᠬᠤᠯᠠ ᠠᠴᠢ ᠬᠤᠯᠪᠤᠭᠳᠠᠯ ᠲᠠᠢ ᠲᠤᠯᠭᠤᠷ ᠪᠢᠴᠢᠭ ᠮᠥᠨ᠂ ᠲᠡᠯᠡᠬᠡᠢ ᠶᠢᠨ ᠬᠦᠮᠥᠨ ᠤ ᠡᠷᠬᠡ ᠶᠢᠨ ᠦᠢᠯᠡᠰ ᠤᠨ ᠬᠦᠭᠵᠢᠯᠳᠡ ᠳᠤ ᠠᠯᠤᠰ ᠬᠡᠳᠤ ᠶᠢᠨ ᠨᠦᠯᠥᠬᠡ ᠦᠵᠡᠬᠦᠯᠦᠭᠰᠡᠡ ᠶᠤᠮ᠃ ᠲᠤᠮᠳᠠᠳᠤ ᠤᠯᠤᠰ ᠤᠨ ᠠᠷᠠᠳ ᠲᠦᠮᠡᠨ ᠲᠤᠷᠠᠳᠠᠶ᠎ᠠ ᠡᠯ᠎ᠡ ᠤᠯᠤᠰ ᠤᠨ ᠠᠷᠠᠳ ᠲᠦᠮᠡᠨ ᠲᠠᠢ ᠬᠠᠮᠳᠤ ᠪᠠᠷ ᠡᠩᠬᠡ ᠲᠠᠶᠢᠪᠤᠩ᠂ ᠬᠦᠭᠵᠢᠯᠳᠡ ᠲᠠᠢ᠂ ᠡᠷᠬᠡ ᠲᠡᠭᠰᠢ᠂ ᠰᠢᠳᠤᠷᠭᠤ ᠶᠤᠰᠤᠨ ᠤ᠂ ᠠᠷᠠᠳᠴᠢᠯᠠᠯ ᠲᠠᠢ᠂ ᠡᠷᠬᠡ ᠴᠢᠯᠥᠬᠡ ᠲᠠᠢ ᠪᠠᠶᠢᠬᠤ ᠬᠦᠮᠥᠨ ᠲᠦᠷᠦᠯᠬᠢᠳᠡᠨ ᠤ ᠬᠠᠮᠳᠤ ᠶᠢᠨ ᠦᠷᠳᠡᠭ ᠢ ᠪᠠᠷᠢᠮᠳᠠᠯᠠᠵᠥ᠂ ᠬᠦᠮᠥᠨ ᠤ ᠨᠡᠷ᠎ᠡ ᠬᠦᠨᠳᠤ ᠪᠤᠯᠤᠨ ᠡᠷᠬᠡ ᠠᠰᠢᠬ ᠢ ᠬᠠᠮᠠᠭᠠᠯᠠᠵᠥ᠂ ᠨᠡᠩ ᠲᠦᠪ ᠭᠤᠤᠯᠴᠢ᠂ ᠵᠦᠢ ᠵᠤᠬᠢᠰᠳᠠᠢ᠂ ᠪᠠᠭᠳᠠᠭᠠᠮᠵᠢᠳᠠᠢ ᠪᠦᠬᠦ ᠪᠦᠮᠪᠦᠷᠴᠡᠭ ᠤᠨ ᠬᠦᠮᠥᠨ ᠤ ᠡᠷᠬᠡ ᠶᠢᠨ ᠵᠠᠰᠠᠯᠳᠠ ᠶᠢᠨ ᠪᠦᠷᠢᠯᠳᠦᠯ ᠢ ᠠᠬᠢᠭᠤᠯᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠬᠠᠮᠳᠤ ᠪᠠᠷ ᠪᠠᠶᠢᠭᠤᠯᠵᠥ᠂ ᠲᠡᠯᠡᠬᠡᠢ ᠶᠢᠨ ᠰᠠᠶᠢᠨ ᠰᠠᠶᠢᠬᠠᠨ ᠢᠷᠡᠬᠡᠳᠤᠢ ᠶᠢ ᠨᠡᠬᠡᠬᠡᠨ ᠡᠬᠦᠳᠦᠨ᠎ᠡ ᠬᠡᠵᠥ ᠴᠢᠬᠤᠯᠠᠴᠢᠯᠠᠪᠠ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠠᠷᠠᠳ ᠲᠦᠮᠡᠨ ᠤ ᠵᠤᠯ ᠵᠢᠷᠭᠠᠯᠲᠤ ᠠᠮᠢᠳᠤᠷᠠᠯ ᠪᠤᠯ ᠬᠠᠮᠤᠭ ᠤᠨ ᠶᠡᠭᠡ ᠬᠦᠮᠥᠨ ᠤ ᠡᠷᠬᠡ ᠪᠤᠯᠤᠨ᠎ᠡ᠃ ᠲᠤᠮᠳᠠᠳᠤ ᠤᠯᠤᠰ ᠤᠨ ᠡᠪ ᠬᠠᠮᠳᠤ ᠨᠠᠮ ᠮᠡᠨᠳᠦᠯᠡᠭᠰᠡᠡ ᠲᠡᠷᠡ ᠡᠳᠤᠷ ᠠᠴᠠ ᠪᠠᠨ ᠡᠬᠢᠯᠡᠨ᠂ ᠠᠷᠠᠳ ᠲᠦᠮᠡᠨ ᠳᠤ ᠵᠤᠯ ᠵᠢᠷᠭᠠᠯ ᠢ ᠡᠳ᠋ᠯᠡᠬᠦᠯᠬᠦ᠂ ᠬᠦᠮᠥᠨ ᠲᠦᠷᠦᠯᠬᠢᠳᠡᠨ ᠤ ᠬᠦᠭᠵᠢᠯᠳᠡ ᠶᠢ ᠡᠷᠢᠯᠬᠢᠯᠡᠬᠦ ᠶᠢ ᠲᠡᠮᠡᠴᠡᠬᠦ ᠬᠠᠷᠠᠯᠳᠡ ᠪᠠᠨ ᠪᠤᠯᠭᠠᠭᠰᠠᠭᠠᠷ ᠢᠷᠡᠪᠡ᠃ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠠ 70 ᠰᠢᠬᠠᠮ ᠵᠢᠯ ᠤᠨᠴᠠᠭᠠᠶᠢᠯᠠᠨ ᠦᠬᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠲᠤᠷᠰᠢ᠂ ᠲᠤᠮᠳᠠᠳᠤ ᠶᠢᠨ ᠦᠨᠳᠦᠰᠦᠳᠡᠨ ᠪᠤᠰᠴᠦ ᠵᠤᠭᠰᠤᠭᠰᠠᠠ᠂ ᠴᠢᠨᠡᠭᠡᠯᠢᠭᠵᠢᠭᠰᠡᠡ ᠠᠴᠠ ᠬᠦᠴᠦᠷᠬᠡᠭᠵᠢᠭᠰᠡᠡ ᠠᠭᠤᠤ ᠶᠡᠭᠡ ᠦᠰᠦᠷᠦᠯᠳᠡ ᠶᠢ ᠪᠡᠶᠡᠯᠡᠬᠦᠯᠪᠡ᠃ ᠲᠤᠮᠳᠠᠳᠤ ᠤᠯᠤᠰ ᠤᠨ ᠬᠦᠭᠵᠢᠯᠳᠡ ᠶᠢᠨ ᠠᠮᠵᠢᠯᠳᠡ ᠨᠢ ᠲᠠᠷᠤᠢ ᠲᠦᠭ ᠲᠦᠮᠡᠨ ᠲᠤᠮᠳᠠᠳᠤ ᠤᠯᠤᠰ ᠤᠨ ᠠᠷᠠᠳ ᠲᠦᠮᠡᠨ ᠤ ᠠᠮᠢᠳᠤᠷᠠᠯ ᠡᠳᠤᠷ ᠢᠷᠡᠬᠦᠶ᠎ᠡ ᠰᠠᠶᠢᠵᠢᠷᠠᠭᠰᠠᠠ ᠶᠠᠪᠤᠳᠠᠯ ᠪᠤᠯᠤᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠴᠠᠭ ᠦᠶ᠎ᠡ ᠬᠦᠭᠵᠢᠵᠥ ᠬᠦᠮᠥᠨ ᠤ ᠡᠷᠬᠡ ᠲᠠᠪᠰᠢᠵᠥ ᠪᠠᠶᠢᠨ᠎ᠠ᠃ ᠲᠤᠮᠳᠠᠳᠤ ᠤᠯᠤᠰ ᠬᠦᠮᠥᠨ ᠤ ᠡᠷᠬᠡ ᠶᠢᠨ ᠨᠡᠶᠢᠳᠡᠮ ᠤᠨ ᠴᠢᠨᠠᠷᠳᠠᠢ ᠵᠠᠷᠴᠢᠮ ᠢ ᠤᠳᠤ ᠦᠶ᠎ᠡ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠳᠠᠯᠠᠵᠥ᠂ ᠤᠯᠤᠰ ᠤᠨ ᠢᠶᠠᠨ ᠪᠠᠶᠢᠳᠠᠯ ᠳᠤ ᠲᠤᠬᠢᠷᠠᠭᠰᠠᠠ ᠬᠦᠮᠥᠨ ᠤ ᠡᠷᠬᠡ ᠶᠢᠨ ᠬᠦᠭᠵᠢᠯᠳᠡ ᠶᠢᠨ ᠵᠠᠮ ᠢᠶᠠᠷ ᠵᠠᠮᠨᠠᠵᠥ᠂ ᠠᠷᠠᠳ ᠲᠦᠮᠡᠨ ᠢᠶᠠᠷ ᠭᠤᠤᠯ ᠪᠤᠯᠭᠠᠭᠰᠠᠠ ᠬᠦᠮᠥᠨ ᠤ ᠡᠷᠬᠡ ᠶᠢᠨ ᠤᠶᠢᠯᠠᠭᠠᠬᠳᠠᠬᠤᠨ ᠢ ᠬᠡᠷᠡᠭᠵᠢᠬᠦᠯᠵᠥ᠂ ᠤᠷᠤᠰᠢᠨ ᠲᠤᠬᠳᠠᠨᠢᠬᠤ ᠡᠷᠬᠡ᠂ ᠬᠦᠭᠵᠢᠯᠳᠡ ᠶᠢᠨ ᠡᠷᠬᠡ ᠶᠢ ᠲᠡᠷᠢᠬᠦᠨ ᠴᠢᠬᠤᠯᠠ ᠦᠨᠳᠦᠰᠦᠨ ᠬᠦᠮᠥᠨ ᠤ ᠡᠷᠬᠡ ᠪᠤᠯᠭᠠᠵᠥ᠂ ᠪᠦᠬᠦ ᠠᠷᠠᠳ ᠲᠦᠮᠡᠨ ᠤ ᠠᠵᠥ ᠠᠬᠤᠢ᠂ ᠤᠯᠤᠰ ᠲᠦᠷᠦ᠂ ᠨᠡᠶᠢᠬᠡᠮ᠂ ᠰᠤᠶᠤᠯ᠂ ᠤᠷᠴᠢᠨ ᠲᠤᠭᠤᠷᠢᠨ ᠤ ᠡᠷᠬᠡ ᠶᠢ ᠵᠤᠬᠢᠴᠠᠭᠤᠯᠤᠨ ᠠᠬᠢᠭᠤᠯᠵᠥ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠴᠢᠷᠮᠡᠶᠢᠨ ᠬᠠᠮᠠᠭᠠᠯᠠᠵᠥ᠂ ᠬᠦᠮᠥᠨ ᠤ ᠪᠦᠬᠦ ᠲᠡᠯ᠎ᠡ ᠶᠢᠨ ᠬᠦᠭᠵᠢᠯᠳᠡ ᠶᠢ ᠠᠬᠢᠭᠤᠯᠤᠨ᠎ᠡ ᠬᠡᠵᠥ ᠴᠢᠬᠤᠯᠠᠴᠢᠯᠠᠪᠠ᠃      ᠰᠢ ᠶᠢᠨ ᠫᠢᠩ᠂ ᠮᠠᠨ ᠤ ᠤᠯᠤᠰ ᠤᠨ ᠬᠦᠮᠥᠨ ᠤ ᠡᠷᠬᠡ ᠶᠢᠨ ᠰᠤᠳᠤᠯᠭᠠᠨ ᠤ ᠠᠵᠢᠯᠳᠠᠳ ᠴᠠᠭ ᠦᠶ᠎ᠡ ᠶᠢ ᠲᠠᠭᠠᠨ ᠪᠦᠬᠦ ᠲᠡᠯ᠎ᠡ ᠪᠠᠷ ᠤᠷᠤᠭᠰᠢᠯᠠᠵᠥ᠂ ᠲᠦᠪ ᠶᠤᠰᠤ ᠶᠢ ᠪᠠᠷᠢᠮᠲᠠᠯᠠᠨ ᠰᠢᠨ᠎ᠡ ᠶᠢ ᠡᠬᠦᠳᠴᠦ᠂ ᠬᠦᠮᠦᠨ ᠲᠦᠷᠦᠯᠬᠢᠳᠡᠨ ᠤ ᠪᠤᠯᠪᠠᠰᠤᠨ ᠤ ᠤᠯᠠᠨ ᠶᠠᠩᠵᠤᠳᠤ ᠴᠢᠨᠠᠷ ᠢ ᠪᠠᠶᠠᠯᠢᠬᠵᠢᠭᠤᠯᠬᠤ᠂ ᠲᠡᠯᠡᠬᠡᠢ ᠶᠢᠨ ᠬᠦᠮᠥᠨ ᠤ ᠡᠷᠬᠡ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠥ ᠱᠠᠭᠠᠷᠳᠠᠪᠠ᠃      ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠪ ᠤᠨ ᠤᠬᠠᠭᠤᠯᠬᠤ ᠬᠡᠯᠳᠡᠰ ᠤᠨ ᠲᠠᠷᠤᠭ᠎ᠠ ᠬᠤᠸᠠᠩ ᠺᠦᠨ ᠮᠢᠩ ᠶᠠᠷᠢᠯᠴᠠᠬᠤ ᠬᠤᠷᠡᠯ ᠲᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠳᠡᠯᠡᠭᠰᠡᠡ ᠪᠦᠬᠡᠳ ᠶᠠᠷᠢᠶ᠎ᠠ ᠲᠠᠯᠪᠢᠪᠠ᠃ ᠲᠡᠷᠡ᠂ ᠶᠡᠷᠤᠩᠬᠡᠢ ᠱᠦᠵᠢ ᠰᠢ ᠶᠢᠨ ᠫᠢᠩ ᠤᠨ ᠪᠠᠶᠠᠷ ᠤᠨ ᠵᠠᠬᠢᠳᠠᠯ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠦᠮᠥᠨ ᠤ ᠡᠷᠬᠡ ᠶᠢᠨ ᠲᠤᠬᠠᠢ ᠦᠵᠡᠯᠳᠡ ᠶᠢ ᠬᠦᠨᠵᠡᠬᠡᠢ ᠲᠤᠳᠤᠷᠬᠠᠶᠢᠯᠠᠨ ᠦᠬᠦᠯᠡᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠬᠦᠮᠥᠨ ᠤ ᠡᠷᠬᠡ ᠶᠢᠨ ᠬᠦᠭᠵᠢᠯᠳᠡ ᠶᠢᠨ ᠴᠢᠭᠯᠡᠯ ᠢ ᠲᠤᠳᠤᠷᠬᠠᠢ ᠵᠢᠭᠠᠵᠤ ᠦᠭᠭᠦᠭᠰᠡᠡ ᠪᠠᠶᠢᠨ᠎ᠠ᠃ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠥ᠂ ᠲᠤᠮᠳᠠᠳᠤ ᠤᠯᠤᠰ ᠤᠨ ᠬᠦᠮᠥᠨ ᠤ ᠡᠷᠬᠡ ᠶᠢᠨ ᠦᠯᠢᠬᠡᠷ ᠢ ᠰᠠᠶᠢᠳᠤᠷ ᠶᠠᠷᠢᠵᠥ᠂ ᠬᠦᠮᠥᠨ ᠤ ᠡᠷᠬᠡ ᠶᠢᠨ ᠤᠨᠤᠯ ᠤᠨ ᠰᠤᠳᠤᠯᠭᠠᠨ ᠢ ᠬᠦᠨᠵᠡᠬᠡᠶᠢᠷᠡᠬᠦᠯᠵᠥ᠂ ᠬᠦᠮᠥᠨ ᠤ ᠡᠷᠬᠡ ᠶᠢᠨ ᠬᠦᠷᠢᠶᠡᠨ ᠤ ᠰᠤᠯᠢᠯᠴᠠᠭ᠎ᠠ ᠶᠢ ᠠᠬᠢᠭᠤᠯᠵᠥ᠂ ᠬᠦᠮᠥᠨ ᠤ ᠡᠷᠬᠡ ᠶᠢ ᠬᠦᠨᠳᠦᠳᠬᠡᠬᠦ ᠪᠠ ᠪᠠᠳᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ ᠬᠡᠵᠥ ᠬᠡᠯᠡᠪᠡ᠃      ᠲᠤᠮᠳᠠᠳᠤ ᠤᠯᠤᠰ ᠤᠨ ᠬᠦᠮᠥᠨ ᠤ ᠡᠷᠬᠡ ᠶᠢᠨ ᠰᠤᠳᠤᠯᠭᠠᠨ ᠤ ᠨᠡᠶᠢᠬᠡᠮᠯᠢᠭ ᠤᠨ ᠲᠠᠷᠤᠭ᠎ᠠ ᠵᠠᠮᠪᠠᠯᠫᠤᠩᠰᠤᠭ᠂ ᠲᠤᠮᠳᠠᠳᠤ ᠤᠯᠤᠰ ᠤᠨ ᠬᠦᠮᠥᠨ ᠤ ᠡᠷᠬᠡ ᠶᠢᠨ ᠬᠦᠭᠵᠢᠯᠳᠡ ᠶᠢᠨ ᠰᠠᠭᠤᠷᠢ ᠮᠥᠩᠬᠦᠨ ᠤ ᠨᠡᠶᠢᠬᠡᠮᠯᠢᠭ ᠤᠨ ᠬᠡᠷᠡᠭ ᠡᠷᠬᠢᠯᠡᠭᠴᠢᠳ ᠤᠨ ᠲᠠᠷᠤᠭ᠎ᠠ ᠬᠤᠸᠠᠩ ᠮᠧᠩ ᠹᠦ᠋ ᠶᠠᠷᠢᠯᠴᠠᠬᠤ ᠬᠤᠷᠡᠯ ᠲᠡᠬᠡᠷ᠎ᠡ ᠦᠬᠡ ᠬᠡᠯᠡᠪᠡ᠃      ︽ᠲᠡᠯᠡᠬᠡᠢ ᠶᠢᠨ ᠬᠦᠮᠥᠨ ᠤ ᠡᠷᠬᠡ ᠶᠢᠨ ᠲᠤᠩᠬᠠᠭ︾ ᠨᠡᠶᠢᠳᠡᠯᠡᠭᠳᠡᠭᠰᠡᠡ 70 ᠵᠢᠯ ᠤᠨ ᠤᠢ ᠶᠢᠨ ᠲᠤᠷᠠᠰᠬᠠᠬᠤ ᠶᠠᠷᠢᠯᠴᠠᠬᠤ ᠬᠤᠷᠡᠯ ᠢ ᠲᠤᠮᠳᠠᠳᠤ ᠤᠯᠤᠰ ᠤᠨ ᠬᠦᠮᠥᠨ ᠤ ᠡᠷᠬᠡ ᠶᠢᠨ ᠰᠤᠳᠤᠯᠭᠠᠨ ᠤ ᠨᠡᠶᠢᠬᠡᠮᠯᠢᠭ ᠪᠤᠯᠤᠨ ᠲᠤᠮᠳᠠᠳᠤ ᠤᠯᠤᠰ ᠤᠨ ᠬᠦᠮᠥᠨ ᠤ ᠡᠷᠬᠡ ᠶᠢᠨ ᠬᠦᠭᠵᠢᠯᠳᠡ ᠶᠢᠨ ᠰᠠᠭᠤᠷᠢ ᠮᠥᠩᠬᠦᠨ ᠤ ᠨᠡᠶᠢᠬᠡᠮᠯᠢᠭ ᠬᠠᠮᠳᠤᠷᠠᠨ ᠡᠷᠬᠢᠯᠡᠪᠡ᠃ ᠤᠯᠤᠰ ᠤᠨ ᠬᠦᠮᠥᠨ ᠤ ᠡᠷᠬᠡ ᠶᠢᠨ ᠠᠵᠢᠯᠯᠠᠭᠠᠨ ᠤ ᠲᠦᠯᠥᠪᠯᠡᠭᠡ ᠶᠢᠨ ᠬᠠᠮᠳᠤᠷᠠᠭᠰᠠᠠ ᠬᠤᠷᠡᠯ ᠤᠨ ᠲᠤᠭᠳᠠᠴᠠ ᠶᠢᠨ ᠪᠦᠷᠢᠯᠳᠦᠬᠦᠨ ᠨᠢᠬᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠪᠤᠯᠤᠨ ᠬᠦᠮᠥᠨ ᠤ ᠡᠷᠬᠡ ᠶᠢᠨ ᠲᠤᠰᠬᠠᠢ ᠮᠡᠷᠬᠡᠵᠢᠯᠳᠡᠨ ᠡᠷᠳᠡᠮᠳᠡᠨ ᠵᠡᠷᠬᠡ 150 ᠭᠠᠷᠤᠢ ᠬᠦᠮᠥᠨ ᠶᠠᠷᠢᠯᠴᠠᠬᠤ ᠬᠤᠷᠡᠯ ᠳᠤ ᠤᠷᠤᠯᠴᠠᠵᠠᠢ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号