| | | | | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12 ᠤᠨ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 12 ᠤᠨ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠺᠦ᠋ᠸᠠᠳᠤᠷ ᠤᠨ | ᠶᠡᠷᠦᠩᠭᠡᠶᠢᠯᠡᠭᠴᠢ ᠮᠦᠸᠧᠯᠸᠢᠢᠨᠣ᠋ ᠲᠠᠢ ᠭᠡᠯᠡᠯᠴᠡᠭᠡ ᠬᠢᠪᠠ᠃ | ᠰᠢ ᠶᠢᠨ ᠫᠢᠩ᠂ 2016 ᠤᠨ ᠳᠤ᠂ ᠪᠢ ᠡᠺᠦ᠋ᠸᠠᠳᠤᠷ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ | ᠬᠢᠵᠦ᠂ ᠬᠤᠶᠠᠷ ᠤᠯᠤᠰ ᠢᠶᠠᠷ ᠢᠶᠠᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ | ᠪᠠᠶᠢᠭᠤᠯᠵᠦ᠂ ᠳᠤᠮᠳᠠᠳᠤ ᠡᠺᠦ᠋ᠸᠠᠳᠤᠷ ᠤᠨ ᠬᠠᠷᠢᠯᠴᠠᠭᠠᠨ ᠤ ᠬᠦᠭᠵᠢᠯᠳᠠ ᠶᠢᠨ ᠰᠢᠨ᠎ᠠ ᠬᠠᠭᠤᠳᠠᠰᠤ ᠶᠢ ᠨᠡᠭᠡᠭᠡᠪᠡ᠃ | ᠶᠡᠷᠦᠩᠭᠡᠶᠢᠯᠡᠭᠴᠢ ᠠᠪᠤᠭᠠᠢ ᠲᠤᠰᠢᠶᠠᠯ ᠳᠤ ᠭᠠᠷᠤᠭᠰᠠᠨ ᠤ ᠳᠠᠷᠠᠭ᠎ᠠ ᠳᠤᠮᠳᠠᠳᠤ ᠡᠺᠦ᠋ᠸᠠᠳᠤᠷ ᠤᠨ ᠨᠦᠬᠦᠷᠰᠡᠭ | ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠬᠦ ᠪᠠᠷ ᠬᠦᠴᠦᠯᠡᠪᠠ᠂ ᠪᠢ ᠡᠬᠦᠨ ᠢ ᠮᠠᠬᠳᠠᠨ ᠰᠠᠶᠢᠰᠢᠶᠠᠵᠦ ᠪᠠᠶᠢᠨ᠎ᠠ᠃ | ᠳᠤᠮᠳᠠᠳᠤ ᠡᠺᠦ᠋ᠸᠠᠳᠤᠷ ᠤᠨ ᠬᠠᠷᠢᠯᠴᠠᠭᠠᠨ ᠤ ᠡᠷᠡᠬᠦᠯ ᠲᠤᠭᠳᠠᠭᠤᠨ ᠬᠦᠭᠵᠢᠯᠳᠠ ᠶᠢ ᠠᠬᠢᠭᠤᠯᠬᠤ ᠨᠢ ᠬᠤᠶᠠᠷ ᠤᠯᠤᠰ | ᠪᠠ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠬ ᠲᠤᠰᠠ ᠳᠤ ᠨᠡᠶᠢᠴᠡᠬᠦ ᠪᠦᠭᠡᠳ ᠪᠠᠰᠠ ᠡᠩᠭᠡ | ᠲᠠᠶᠢᠪᠤᠩ᠂ ᠬᠦᠭᠵᠢᠯᠲᠡ᠂ ᠬᠠᠮᠳᠤᠷᠠᠯᠴᠠᠭ᠎ᠠ ᠬᠢᠬᠦ᠂ ᠬᠠᠮᠳᠤ ᠪᠠᠷ ᠠᠰᠢᠬ ᠬᠦᠷᠳᠡᠬᠦ ᠴᠠᠭ ᠦᠶ᠎ᠠ ᠶᠢᠨ ᠤᠷᠤᠰᠬᠠᠯ ᠳᠤ | ᠨᠡᠶᠢᠴᠡᠬᠦ ᠶᠤᠮ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠵᠢᠴᠢ ᠡᠯ᠎ᠠ ᠬᠦᠷᠢᠶ᠎ᠠ ᠡᠯ᠎ᠠ ᠲᠡᠰ | ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠬᠳᠠᠷᠠᠭᠤᠯᠵᠦ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ | ᠵᠤᠬᠢᠴᠠᠭᠤᠯᠭ᠎ᠠ ᠪᠠᠨ ᠴᠢᠩᠭᠠᠳᠬᠠᠵᠦ᠂ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠷᠰᠢᠯᠭ᠎ᠠ ᠪᠠᠨ ᠰᠤᠯᠢᠯᠴᠠᠵᠦ᠂ | ᠲᠤᠰ ᠲᠤᠰ ᠤᠨ ᠬᠦᠭᠵᠢᠯᠳᠠ ᠶᠢᠨ ᠵᠠᠮ ᠤᠨ ᠲᠤᠬᠠᠢ ᠤᠶᠢᠯᠠᠭᠠᠯᠴᠠᠭ᠎ᠠ ᠪᠡ ᠳᠡᠮᠵᠢᠯᠭᠡ ᠪᠠᠨ ᠨᠡᠮᠡᠭᠳᠡᠬᠦᠯᠵᠦ᠂ ᠲᠤᠰ | ᠲᠤᠰ ᠤᠨ ᠭᠤᠤᠯᠯᠠᠬᠴᠢ ᠠᠰᠢᠬ ᠲᠤᠰᠠ ᠪᠠ ᠴᠢᠬᠤᠯᠠ ᠶᠡᠭᠡ ᠠᠩᠬᠠᠷᠤᠯ ᠲᠠᠯᠪᠢᠵᠦ ᠪᠠᠶᠢᠭ᠎ᠠ ᠠᠰᠠᠭᠤᠳᠠᠯ ᠤᠨ | ᠲᠠᠯ᠎ᠠ ᠪᠠᠷ ᠦᠷᠬᠦᠯᠵᠢᠯᠡᠨ ᠡᠷᠡᠰ ᠪᠠᠳᠤ ᠳᠡᠮᠵᠢᠯᠴᠡᠶᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠺᠦ᠋ᠸᠠᠳᠤᠷ ᠤᠨ ᠲᠠᠯ᠎ᠠ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ | ᠪᠠᠶᠢᠭᠤᠯᠬᠤ ᠳᠤ ᠤᠷᠤᠯᠴᠠᠬᠤ ᠶᠢ ᠳᠤᠮᠳᠠᠳᠤ ᠶᠢᠨ ᠲᠠᠯ᠎ᠠ ᠪᠠᠶᠠᠷᠯᠠᠨ ᠤᠭᠳᠤᠨ᠎ᠠ᠂ ᠰᠠᠭᠤᠷᠢ ᠲᠦᠬᠦᠭᠡᠷᠤᠮᠵᠢ ᠶᠢᠨ | ᠪᠦᠲᠦᠭᠡᠨ ᠪᠠᠶᠢᠭᠤᠯᠤᠯᠳᠠ᠂ ᠦᠢᠯᠡᠳᠪᠦᠷᠢᠯᠡᠬᠦ ᠴᠢᠳᠠᠪᠤᠷᠢ᠂ ᠬᠦᠳᠡᠭᠡ ᠠᠵᠤ ᠠᠬᠤᠢ᠂ ᠮᠡᠳᠡᠭᠡ ᠵᠠᠩᠭᠢ ᠶᠢᠨ | ᠮᠡᠷᠭᠡᠵᠢᠯ᠂ ᠰᠢᠨ᠎ᠠ ᠡᠨᠧᠷᠭᠢ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠬᠦᠷᠢᠶᠡᠨ ᠤ ᠬᠠᠮᠳᠤᠷᠠᠯᠴᠠᠭ᠎ᠠ ᠶᠢ | ᠬᠠᠮᠳᠦ ᠪᠠᠷ ᠠᠬᠢᠭᠤᠯᠤᠶ᠎ᠠ᠃ ᠡᠺᠦ᠋ᠸᠠᠳᠤᠷ ᠤᠨ ᠲᠠᠯ᠎ᠠ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠢᠳᠡᠪᠬᠢᠳᠠᠢ | ᠨᠡᠬᠡᠬᠡᠵᠤ᠂ ᠳᠤᠮᠳᠠᠳᠤ ᠤᠯᠤᠰ ᠤᠨ ᠬᠦᠭᠵᠢᠯᠳᠡ ᠶᠢᠨ ᠠᠵᠠ ᠳᠤᠬᠢᠶᠠᠯ ᠢ ᠬᠤᠪᠢᠶᠠᠯᠴᠠᠬᠤ ᠶᠢ ᠪᠠᠶᠠᠷᠯᠠᠨ ᠤᠭᠳᠤᠨ᠎ᠠ᠃ | ᠳᠤᠮᠳᠠᠳᠤ ᠶᠢᠨ ᠲᠠᠯ᠎ᠠ ᠶᠢᠨ ᠡᠺᠦ᠋ᠸᠠᠳᠤᠷ ᠲᠤ ᠬᠠᠨᠳᠤᠭᠤᠯᠤᠭᠰᠠᠨ ᠪᠡᠯᠡ ᠮᠦᠩᠭᠦ ᠴᠤᠭᠯᠠᠭᠤᠯᠬᠤ ᠬᠠᠮᠳᠤᠷᠠᠯᠴᠠᠭ᠎ᠠ | ᠪᠤᠯ ᠡᠷᠬᠡ ᠲᠡᠭᠰᠢ ᠬᠠᠷᠢᠯᠴᠠᠨ ᠠᠰᠢᠭᠳᠠᠢ ᠪᠠᠶᠢᠬᠤ ᠪᠠ ᠬᠤᠳᠠᠯᠳᠤᠭᠠᠨ ᠤ ᠶᠠᠪᠤᠳᠠᠯ ᠤᠨ ᠵᠠᠷᠴᠢᠮ ᠢ ᠪᠦᠷᠢᠮᠦᠰᠦᠨ | ᠵᠢᠷᠤᠮᠯᠡᠵᠤ᠂ ᠶᠠᠮᠠᠷᠪᠠ ᠤᠯᠤᠰ ᠲᠦᠷᠦ ᠶᠢᠨ ᠨᠦᠬᠦᠴᠡᠯ ᠢ ᠴᠤ ᠳᠠᠭᠠᠯᠳᠤᠭᠤᠯᠬᠤ ᠦᠭᠡᠢ᠃ ᠳᠤᠮᠳᠠᠳᠤ ᠤᠯᠤᠰ ᠤᠨ | ᠵᠠᠰᠠᠭ ᠤᠨ ᠤᠷᠳᠤᠨ ᠠᠴᠠ ᠡᠺᠦ᠋ᠸᠠᠳᠤᠷ ᠲᠤ ᠪᠠᠶᠢᠭ᠎ᠠ ᠳᠤᠮᠳᠠᠳᠤ ᠶᠢᠨ ᠪᠡᠯᠡ ᠤᠷᠤᠭᠤᠯᠤᠬᠰᠠᠨ ᠠᠵᠤ ᠠᠬᠤᠶᠢᠯᠠᠯ | ᠲᠤᠬᠠᠢ ᠶᠢᠨ ᠭᠠᠵᠠᠷ ᠤᠨ ᠬᠠᠤᠯᠢ ᠴᠠᠭᠠᠵᠠ ᠬᠠᠤᠯᠢ ᠲᠤᠭᠳᠠᠭᠠᠯ ᠢ ᠵᠢᠷᠤᠮᠯᠡᠵᠤ᠂ ᠦᠨᠡᠨᠴᠢ ᠢᠳᠡᠭᠡᠮᠵᠢᠳᠠᠢ ᠪᠠᠷ | ᠡᠵᠡᠩᠨᠡᠵᠤ᠂ ᠲᠤᠰ ᠪᠡᠶ᠎ᠠ ᠶᠢᠨ ᠬᠦᠴᠦᠨ ᠳᠡᠭᠡᠨ ᠲᠦᠰᠢᠭᠯᠡᠨ ᠲᠦᠪ ᠭᠤᠤᠯᠴᠢ ᠪᠠᠷ ᠦᠷᠢᠰᠦᠯᠳᠦᠬᠦ ᠶᠢ ᠱᠠᠭᠠᠷᠳᠠᠵᠤ | ᠪᠠᠶᠢᠨ᠎ᠠ᠂ ᠡᠺᠦ᠋ᠸᠠᠳᠤᠷ ᠤᠨ ᠲᠠᠯ᠎ᠠ ᠳᠡᠳᠡᠨ ᠳᠤ ᠪᠡᠯᠡ ᠤᠷᠤᠭᠤᠯᠬᠤ ᠰᠠᠶᠢᠨ ᠤᠷᠴᠢᠨ ᠡᠭᠦᠳᠦᠨ ᠦᠭᠴᠤ᠂ | ᠳᠡᠳᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠶᠢ ᠬᠦᠰᠡᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ | ᠰᠤᠶᠤᠯ ᠢᠷᠭᠡᠨᠰᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠯᠢᠯᠴᠠᠭ᠎ᠠ ᠶᠢ ᠵᠤᠷᠢᠭᠵᠢᠭᠤᠯᠵᠤ᠂ ᠬᠠᠤᠯᠢ | ᠬᠡᠷᠡᠭᠵᠢᠭᠦᠯᠬᠦ ᠬᠠᠮᠳᠤᠷᠠᠯᠴᠠᠭ᠎ᠠ ᠶᠢ ᠦᠷᠨᠢᠭᠦᠯᠵᠤ᠂ ᠬᠦᠮᠦᠰ ᠤᠨ ᠪᠠ ᠠᠵᠤ ᠠᠬᠤᠢ ᠠᠷᠠᠯᠵᠢᠶᠠᠨ ᠤ ᠬᠡᠪ ᠤᠨ | ᠶᠠᠪᠤᠯᠴᠠᠭ᠎ᠠ ᠶᠢ ᠪᠠᠳᠤᠯᠠᠶ᠎ᠠ᠃ ᠳᠤᠮᠳᠠᠳᠤ ᠤᠯᠤᠰ ᠡᠺᠦ᠋ᠸᠠᠳᠤᠷ ᠤᠨ ᠲᠠᠯ᠎ᠠ ᠶᠢᠨ ᠭᠠᠵᠠᠷ ᠬᠦᠳᠡᠯᠦᠯᠳᠡ ᠶᠢᠨ ᠳᠠᠷᠠᠭᠠᠬᠢ | ᠪᠦᠲᠦᠭᠡᠨ ᠪᠠᠶᠢᠭᠤᠯᠤᠯᠳᠠ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠦᠷᠭᠦᠯᠵᠢᠯᠡᠨ ᠳᠡᠮᠵᠢᠨ᠎ᠠ ᠭᠡᠵᠦ | ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠡᠺᠦ᠋ᠸᠠᠳᠦᠷ ᠬᠤᠶᠠᠷ ᠳᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠤᠷᠤᠨ ᠤ | ᠴᠢᠬᠤᠯᠠ ᠶᠡᠭᠡ ᠠᠰᠠᠭᠤᠳᠠᠯ ᠤᠨ ᠲᠡᠭᠡᠷ᠎ᠡ ᠠᠳᠠᠯᠢᠪᠳᠤᠷ ᠪᠤᠶᠤ ᠤᠶᠢᠷᠠᠯᠴᠠᠭ᠎ᠠ ᠵᠤᠬᠰᠤᠯᠳᠠ ᠲᠠᠢ ᠪᠠᠶᠢᠭ᠎ᠠ ᠶᠤᠮ᠂ | ᠵᠤᠬᠢᠴᠠᠭᠤᠯᠭ᠎ᠠ ᠬᠠᠮᠵᠢᠯᠴᠠᠭ᠎ᠠ ᠪᠠᠨ ᠨᠢᠬᠳᠠᠷᠠᠭᠤᠯᠵᠦ᠂ ᠤᠯᠠᠨ ᠳᠠᠯᠠᠳᠤ ᠦᠵᠡᠯ ᠢ ᠬᠠᠮᠳᠤ ᠪᠠᠷ ᠬᠠᠮᠠᠭᠠᠯᠠᠵᠦ᠂ ᠪᠦᠬᠦ | ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠦᠬᠡᠷᠡᠴᠢᠯᠡᠯᠳᠡ ᠶᠢ ᠬᠠᠮᠳᠤ ᠪᠠᠷ ᠠᠬᠢᠭᠤᠯᠵᠦ᠂ ᠬᠦᠭᠵᠢᠵᠦ ᠪᠠᠶᠢᠭ᠎ᠠ | ᠤᠯᠤᠰ ᠤᠳ ᠤᠨ ᠵᠦᠢ ᠶᠤᠰᠤᠨ ᠤ ᠡᠷᠬᠡ ᠠᠰᠢᠬ ᠢ ᠬᠠᠮᠳᠤ ᠪᠠᠷ ᠬᠠᠮᠠᠭᠠᠯᠠᠶ᠎ᠠ ᠬᠡᠵᠦ ᠴᠢᠬᠤᠯᠠᠴᠢᠯᠠᠪᠠ᠃ | ᠮᠦᠸᠧᠯᠸᠢᠢᠨᠣ᠋᠂ ᠳᠤᠮᠳᠠᠳᠤ ᠤᠯᠤᠰ ᠪᠤᠯ ᠡᠺᠦ᠋ᠸᠠᠳᠤᠷ ᠤᠨ ᠴᠢᠩ ᠦᠨᠡᠨᠴᠢ ᠨᠠᠶᠢᠵᠠ ᠮᠦᠨ᠂ ᠡᠺᠦ᠋ᠸᠠᠳᠤᠷ ᠤᠨ | ᠳᠠᠯ᠎ᠠ ᠶᠢᠨ ᠬᠢᠨ ᠳᠤᠮᠳᠠᠳᠤ ᠤᠯᠤᠰ ᠤᠨ ᠦᠨᠢ ᠤᠳᠠᠭᠠᠨ ᠳᠡᠤᠬᠡ ᠰᠤᠶᠤᠯ ᠢ ᠪᠠᠭ᠋ᠠᠷᠠᠵᠦ᠂ ᠳᠤᠮᠳᠠᠳᠤ ᠤᠯᠤᠰ ᠤᠨ | ᠦᠬᠡᠷᠡᠴᠢᠯᠡᠯᠳᠡ ᠨᠡᠬᠡᠬᠡᠯᠳᠡ ᠬᠢᠬᠡᠳ ᠤᠯᠤᠬᠰᠠᠨ ᠠᠮᠵᠢᠯᠳᠡ ᠪᠦᠳᠦᠮᠵᠢ ᠵᠢᠴᠢ ᠳᠤᠮᠳᠠᠳᠤ ᠤᠯᠤᠰ ᠤᠨ ᠠᠷᠠᠳ | ᠳᠦᠮᠡᠨ ᠤ ᠠᠵᠢᠯᠴᠢ ᠬᠦᠳᠡᠯᠮᠤᠷᠢᠴᠢ ᠤᠶᠤᠨ ᠤᠬᠠᠭᠠᠨ ᠪᠠ ᠵᠠᠮ ᠨᠡᠬᠡᠬᠡᠨ ᠰᠢᠨ᠎ᠠ ᠶᠢ ᠡᠬᠦᠳᠦᠭᠰᠡᠨ ᠢ ᠪᠢᠰᠢᠷᠡᠵᠦ | ᠪᠠᠶᠢᠨ᠎ᠠ᠃ ᠳᠤᠮᠳᠠᠳᠤ ᠶᠢᠨ ᠳᠠᠯ᠎ᠠ ᠡᠺᠦ᠋ᠸᠠᠳᠤᠷ ᠤᠨ ᠠᠵᠦ ᠠᠬᠤᠢ ᠨᠡᠶᠢᠭᠡᠮ ᠤᠨ ᠬᠦᠭᠵᠢᠯᠳᠡ ᠳᠤ ᠡᠷᠬᠢᠮ ᠨᠠᠨᠳᠢᠨ | ᠳᠡᠮᠵᠢᠯᠬᠡ ᠪᠤᠯᠤᠨ ᠬᠠᠪᠰᠤᠷᠤᠯᠭ᠎ᠠ ᠦᠵᠡᠬᠦᠯᠪᠠ᠂ ᠢᠯᠠᠩᠭᠤᠶ᠎ᠠ 2016 ᠤᠨ ᠳᠤ ᠡᠺᠦ᠋ᠸᠠᠳᠤᠷ ᠭᠠᠵᠠᠷ | ᠬᠦᠳᠡᠯᠦᠯᠳᠡ ᠶᠢᠨ ᠭᠠᠢ ᠭᠠᠮᠰᠢᠬ ᠲᠤ ᠤᠴᠠᠷᠠᠬᠰᠠᠨ ᠤ ᠳᠠᠷᠠᠭ᠎ᠠ ᠴᠠᠬ ᠳᠤᠬᠠᠢ ᠳᠤᠨᠢ ᠪᠢᠳᠡᠨ ᠳᠤ ᠳᠤᠰᠠᠯᠠᠮᠵᠢ | ᠦᠵᠡᠬᠦᠯᠦᠭᠰᠡᠨ ᠳᠤ ᠡᠺᠦ᠋ᠸᠠᠳᠤᠷ ᠤᠨ ᠠᠷᠠᠳ ᠳᠦᠮᠡᠨ ᠶᠡᠬᠡᠳᠡ ᠳᠠᠯᠠᠷᠬᠠᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ | ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠤᠯ ᠴᠢᠬᠤᠯᠠ ᠤᠯᠠᠨ ᠤᠯᠤᠰ ᠤᠨ ᠤᠯᠠᠨ ᠨᠡᠶᠢᠲᠡ ᠶᠢᠨ | ᠪᠦᠲᠦᠭᠡᠭᠳᠡᠭᠦᠨ ᠮᠦᠨ᠂ ᠪᠠᠰᠠ ᠡᠺᠦ᠋ᠸᠠᠳᠤᠷ ᠳᠤᠮᠳᠠᠳᠤ ᠬᠤᠶᠠᠷ ᠤᠯᠤᠰ ᠢ ᠨᠡᠩ ᠨᠢᠬᠲᠠ ᠬᠤᠯᠪᠤᠵᠠᠢ᠂ | ᠡᠺᠦ᠋ᠸᠠᠳᠤᠷ ᠤᠨ ᠬᠢᠨ ᠳᠤᠷᠠᠲᠠᠶ᠎ᠠ ᠢᠳᠡᠪᠬᠢᠲᠡᠢ ᠤᠷᠤᠯᠴᠠᠵᠤ᠂ ᠦᠷᠭᠡᠨ ᠳᠡᠯᠭᠡᠷ ᠬᠦᠷᠢᠶᠡᠨ ᠳᠤ ᠬᠠᠮᠲᠤᠷᠠᠯᠴᠠᠭ᠎ᠠ ᠪᠠᠨ | ᠦᠷᠭᠡᠳᠬᠡᠨ᠎ᠡ᠃ ᠡᠺᠦ᠋ᠸᠠᠳᠤᠷ ᠤᠨ ᠬᠢᠨ ᠳᠤᠮᠳᠠᠲᠦ ᠤᠯᠤᠰ ᠠᠴᠠ ᠪᠢᠳᠠᠨ ᠳᠤ ᠪᠡᠯᠡ ᠮᠦᠩᠬᠦ ᠴᠤᠬᠯᠠᠭᠤᠯᠬᠤ | ᠳᠡᠮᠵᠢᠯᠭᠡ ᠬᠠᠩᠭᠠᠬᠤ ᠶᠢ ᠪᠠᠶᠠᠷᠯᠠᠨ ᠤᠬᠲᠤᠬᠤ ᠶᠢᠨ ᠬᠠᠮᠲᠤ ᠲᠠᠯᠠᠷᠬᠠᠵᠤ ᠪᠤᠢ᠂ ᠡᠨᠡ ᠨᠢ ᠡᠺᠦ᠋ᠸᠠᠳᠤᠷ ᠤᠨ | ᠬᠦᠭᠵᠢᠯᠲᠡ᠂ ᠢᠯᠠᠩᠭᠤᠶ᠎ᠠ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠮᠠᠰᠢ | ᠴᠢᠬᠤᠯᠠ ᠶᠤᠮ᠃ ᠡᠺᠦ᠋ᠸᠠᠳᠤᠷ ᠤᠨ ᠬᠢᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠪᠠᠨ ᠦᠷᠭᠡᠳᠬᠡᠬᠦ ᠶᠢᠨ | ᠬᠠᠮᠲᠤ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠠᠵᠤ ᠠᠬᠤᠶᠢᠯᠠᠯᠲᠠᠳ ᠤᠨ ᠲᠦᠷᠦᠭᠦᠴᠦᠳ ᠤᠨ | ᠬᠤᠷᠠᠯ ᠢ ᠭᠤᠤᠯᠯᠠᠨ ᠡᠷᠬᠢᠯᠡᠬᠦ ᠶᠢ ᠬᠦᠰᠡᠵᠦ ᠪᠠᠶᠢᠨ᠎ᠠ᠂ ᠳᠤᠷᠠᠲᠠᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨᠡᠴᠢᠯᠡᠯᠲᠡ ᠶᠢᠨ ᠬᠦᠷᠢᠶᠡᠨ ᠳᠤ ᠰᠤᠯᠢᠯᠴᠠᠨ ᠲᠤᠯᠢᠯᠠᠨᠠ᠃ ᠡᠺᠦ᠋ᠸᠠᠳᠤᠷ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠦᠷᠬᠦᠯᠵᠢᠯᠡᠬᠦ ᠬᠦᠭᠵᠢᠯᠲᠡ ᠶᠢᠨ ᠵᠦᠪᠯᠡᠬᠦ | ᠵᠦᠢᠯ ᠵᠡᠷᠭᠡ ᠤᠯᠠᠨ ᠲᠠᠯᠠᠲᠤ ᠶᠠᠪᠤᠳᠠᠯ ᠳᠤᠮᠳᠠᠬᠢ ᠤᠯᠤᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠨ᠎ᠠ ᠭᠡᠵᠦ | ᠢᠯᠡᠳᠭᠡᠪᠡ᠃ | ᠬᠡᠯᠡᠯᠴᠡᠭᠡ ᠬᠢᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠳᠤᠮᠳᠠᠳᠤ ᠡᠺᠦ᠋ᠸᠠᠳᠤᠷ ᠬᠤᠶᠠᠷ | ᠤᠯᠤᠰ ᠤᠨ ᠵᠠᠰᠠᠬ ᠤᠨ ᠤᠷᠳᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ | ᠠᠬᠢᠭᠤᠯᠬᠤ ᠤᠶᠢᠯᠠᠭᠠᠯᠴᠠᠭᠠᠨ ᠤ ᠰᠠᠨᠠᠮᠵᠢ ᠶᠢᠨ ᠪᠢᠴᠢᠭ ᠵᠡᠷᠭᠡ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠢ ᠳᠤᠬᠢᠷᠠᠯᠴᠠᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ | ᠶᠡᠭᠡ ᠲᠢᠩᠬᠢᠮ ᠳᠤ ᠮᠦᠸᠧᠯᠸᠢᠢᠨᠣ᠋ ᠶᠢ ᠤᠬᠲᠤᠬᠤ ᠶᠤᠰᠤᠯᠠᠯ ᠶᠠᠪᠤᠭᠤᠯᠪᠠ᠃ ᠶᠠᠩ ᠵᠢᠶᠧ ᡂᠢ᠂ ᠼᠠᠢ ᠳ᠋ᠠ ᠹᠧᠩ᠂ | ᠸᠠᠩ ᠢ᠂ ᠴᠧᠨ ᠰᠢᠶᠤᠤ ᠭᠤᠸᠠᠩ᠂ ᠾᠧ ᠯᠢ ᠹᠧᠩ ᠨᠠᠷ ᠤᠷᠤᠯᠴᠠᠪᠠ᠃ | |