ᠭᠠᠴᠠᠭ᠎ᠠ ᠳᠣᠰᠬᠤᠨ ᠤ ᠬᠠᠷᠢᠯᠴᠠᠨ ᠬᠠᠪᠰᠤᠷᠤᠯᠴᠠᠬᠤ ᠪᠡᠯᠡ ᠮᠦᠩᠭᠦ ᠨᠢ ᠮᠠᠯᠴᠢᠨ ᠲᠠᠷᠢᠶᠠᠴᠢᠨ ᠤ ᠪᠡᠯᠡ ᠮᠦᠩᠬᠦᠨ ᠤ ᠲᠤᠳᠠᠭᠳᠠᠯ ᠢ ᠰᠶᠢᠳᠪᠤᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2018-12-14
     ᠮᠠᠨ ᠤ ᠬᠤᠰᠢᠭᠤᠨ ᠤ 32 ᠭᠠᠴᠠᠭ᠎ᠠ ᠲᠤᠰᠬᠤᠨ ᠳᠤ ᠬᠡᠷᠡᠭᠵᠢᠬᠦᠯᠵᠣ ᠪᠠᠶᠢᠭ᠎ᠠ ᠶᠠᠳᠠᠭᠤ ᠶᠢ ᠳᠡᠳᠬᠦᠬᠦ ᠬᠠᠷᠢᠯᠴᠠᠨ ᠬᠠᠪᠰᠤᠷᠤᠯᠴᠠᠬᠤ ᠪᠡᠯᠡ ᠮᠦᠩᠭᠦᠨ ᠤ ᠲᠦᠷᠦᠯ ᠵᠦᠢᠯ ᠨᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠣᠮᠳᠡᠬᠢ ᠪᠡᠯᠡ ᠮᠦᠡᠭᠬᠦᠨ ᠤ ᠳᠣᠳᠠᠭᠳᠠᠯ ᠢ ᠰᠶᠢᠳᠪᠤᠷᠢᠯᠡᠬᠦ ︽ᠪᠠᠩᠬᠢ︾ ᠪᠣᠯᠣᠭᠰᠠᠨ ᠪᠠᠶᠢᠨ᠎ᠠ᠃      ᠤᠯᠠᠭᠠᠠᠲᠤᠯᠤᠭᠠᠢ ᠪᠠᠯᠭᠠᠰᠤᠨ ᠤ ᠪᠠᠶᠠᠠᠭᠤᠤᠯ ᠭᠠᠴᠠᠭ᠎ᠠ ᠬᠠᠷᠢᠯᠴᠠᠨ ᠬᠠᠪᠰᠤᠷᠤᠯᠴᠠᠬᠤ ᠪᠡᠯᠡ ᠮᠦᠩᠭᠦᠨ ᠤ ᠲᠦᠷᠦᠯ ᠵᠦᠢᠯ ᠢ ᠬᠡᠷᠡᠭᠵᠢᠬᠦᠯᠦᠭᠡᠳ ᠭᠤᠷᠪᠠᠨ ᠵᠢᠯ ᠪᠤᠯᠵᠤ ᠪᠤᠢ᠃ ᠠᠩᠬᠠᠨ ᠳᠤ ᠪᠠᠨ 25 ᠲᠦᠮᠡᠨ ᠲᠦᠬᠦᠷᠢᠭ ᠤᠷᠤᠭᠤᠯᠤᠭᠰᠠᠨ ᠠᠴᠠ ᠪᠠᠨ ᠤᠳᠤ ᠪᠤᠯᠬᠤ ᠳᠤ 64 ᠲᠦᠮᠡᠨ ᠲᠦᠬᠦᠷᠢᠭ ᠲᠠᠢ ᠪᠤᠯᠵᠤ ᠦᠷᠭᠡᠵᠢᠨ 110 ᠮᠠᠯᠴᠢᠨ ᠲᠠᠷᠢᠶᠠᠴᠢᠨ ᠡᠷᠦᠬᠡ ᠳᠤ ᠠᠰᠢᠭ ᠬᠦᠷᠳᠡᠭᠡᠵᠦ ᠪᠤᠢ᠃ ᠬᠠᠷᠢᠯᠴᠠᠨ ᠬᠠᠪᠰᠤᠷᠤᠯᠴᠠᠬᠤ ᠪᠡᠯᠡ ᠮᠦᠩᠭᠦ ᠶᠢ ᠭᠠᠴᠠᠭ᠎ᠠ ᠲᠤᠰᠬᠤᠨ ᠢᠶᠠᠷ ᠲᠠᠮᠵᠢᠨ ᠦᠪᠡᠷᠳᠡᠭᠡᠨ ᠭᠤᠶᠤᠪᠴᠢᠯᠠᠵᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ 1000 — 10000 ᠲᠦᠬᠦᠷᠢᠭ ᠤᠨ ᠬᠤᠭᠤᠷᠤᠨᠲᠤ ᠵᠢᠬᠡᠯᠡᠵᠦ ᠦᠢᠯᠡᠳᠪᠤᠷᠢᠯᠡᠯ ᠠᠮᠢᠳᠤᠷᠠᠯ ᠳᠤ ᠪᠠᠨ ᠬᠡᠷᠡᠭᠯᠡᠵᠦ ᠪᠤᠯᠳᠠᠭ᠃ ᠤᠯᠠᠭᠠᠠᠲᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠮᠠᠯᠴᠢᠨ ᠸᠠᠩ ᠵᠧᠨ ᠲᠠᠩ ᠬᠠᠷᠢᠯᠴᠠᠨ ᠬᠠᠪᠰᠤᠷᠤᠯᠴᠠᠬᠤ ᠪᠡᠯᠡ ᠮᠦᠩᠭᠦ ᠶᠢ ᠬᠡᠷᠡᠭᠯᠡᠭᠡᠳ ᠭᠤᠷᠪᠠᠨ ᠵᠢᠯ ᠪᠤᠯᠵᠤ ᠪᠤᠢ᠃ ᠲᠡᠷᠡ ᠤᠳᠠᠭ᠎ᠠ ᠪᠤᠯᠭᠠᠨ 5000 ᠲᠦᠬᠦᠷᠢᠭ ᠤᠨ ᠵᠢᠬᠡᠯᠡᠯᠭᠡ ᠠᠪᠴᠤ ᠭᠤᠷᠪᠠᠨ ᠵᠢᠯ ᠤᠨ ᠲᠤᠷᠰᠢ ᠬᠠᠷᠢᠯᠴᠠᠨ ᠬᠠᠪᠰᠤᠷᠤᠯᠴᠠᠬᠤ ᠪᠡᠯᠡ ᠮᠦᠩᠭᠦ ᠬᠢᠬᠡᠳ ᠦᠪᠡᠷ ᠤᠨ ᠴᠢᠷᠮᠠᠶᠢᠯᠭ᠎ᠠ ᠪᠠᠷ 150 ᠢᠯᠡᠬᠦᠦ ᠨᠠᠷᠢᠨ ᠨᠤᠤᠰᠤᠲᠤ ᠬᠤᠨᠢ᠂ ᠬᠤᠷᠢᠭᠠᠳ ᠦᠬᠡᠷ ᠲᠠᠢ ᠪᠤᠯᠵᠠᠢ᠃      ᠬᠠᠷᠢᠯᠴᠠᠨ ᠬᠠᠪᠰᠤᠷᠤᠯᠴᠠᠬᠤ ᠪᠡᠯᠡ ᠮᠦᠩᠭᠦᠨ ᠤ ᠲᠦᠷᠦᠯ ᠵᠦᠢᠯ ᠨᠢ ᠮᠠᠨ ᠤ ᠬᠤᠰᠢᠭᠤᠨ ᠤ ᠶᠠᠳᠠᠭᠤ ᠶᠢ ᠳᠡᠳᠬᠦᠨ ᠨᠡᠬᠡᠬᠡᠯᠳᠡ ᠬᠢᠬᠦ ᠰᠢᠨ᠎ᠡ ᠪᠠᠶᠢᠭᠤᠯᠤᠮᠵᠢ ᠪᠠᠶᠢᠵᠤ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠤ ᠠᠮᠢᠳᠤᠷᠠᠯ ᠤᠨ ᠬᠦᠴᠢᠷ ᠢ ᠰᠶᠢᠳᠪᠦᠷᠢᠯᠡᠬᠦ ᠪᠦᠲᠦᠮᠵᠢᠳᠠᠢ ᠠᠷᠭ᠎ᠠ ᠪᠠᠷᠢᠯ ᠪᠤᠯᠤᠨ᠎ᠠ᠃ ᠡᠨᠡ ᠨᠢ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠮᠦᠩᠭᠦ᠂ ᠠᠵᠤ ᠠᠬᠤᠶᠢᠯᠠᠯ ᠤᠨ ᠪᠡᠯᠡ ᠤᠷᠤᠭᠤᠯᠤᠭᠰᠠᠨ ᠮᠦᠩᠭᠦ᠂ ᠭᠠᠴᠠᠭᠠᠨ ᠤ ᠮᠦᠩᠭᠦ᠂ ᠮᠠᠯᠴᠢᠨ ᠲᠠᠷᠢᠶᠠᠴᠢᠨ ᠦᠪᠡᠷᠳᠡᠭᠡᠨ ᠬᠤᠪᠢ ᠤᠷᠤᠭᠤᠯᠤᠭᠰᠠᠨ ᠮᠦᠩᠭᠦ᠂ ᠨᠡᠶᠢᠬᠡᠮ ᠠᠴᠠ ᠬᠠᠨᠳᠢᠪᠯᠠᠭᠰᠠᠨ ᠮᠦᠩᠭᠦ᠂ ᠤᠤᠯ ᠮᠦᠩᠭᠦᠨ ᠤ ᠬᠦᠦ ᠮᠦᠩᠭᠦ ᠵᠡᠷᠭᠡ ᠪᠠᠷ ᠪᠦᠷᠢᠯᠳᠦᠭᠰᠠᠨ ᠶᠤᠮ᠃ ᠮᠠᠨ ᠤ ᠬᠤᠰᠢᠭᠤ ᠬᠠᠷᠢᠯᠴᠠᠨ ᠬᠠᠪᠰᠤᠷᠤᠯᠴᠠᠬᠤ ᠪᠡᠯᠡ ᠮᠦᠩᠭᠦᠨ ᠤ ᠲᠦᠷᠦᠯ ᠵᠦᠢᠯ ᠢ 2009 ᠤᠨ ᠠᠴᠠ ᠡᠬᠢᠯᠡᠨ ᠬᠡᠷᠡᠭᠵᠢᠬᠦᠯᠵᠦ ᠤᠷᠤᠨ ᠬᠤᠲᠠ ᠬᠤᠶᠠᠷ ᠱᠠᠳᠤᠨ ᠤ ᠲᠡᠮᠵᠢᠯᠭᠡ ᠪᠠᠷ ᠵᠢᠯ ᠪᠤᠯᠭᠠᠨ ᠲᠤᠮᠳᠠᠴᠢ ᠪᠠᠷ ᠲᠦᠷᠪᠡᠨ ᠭᠠᠵᠠᠷ ᠲᠦᠬᠡᠮᠡᠯᠵᠢᠬᠦᠯᠵᠦ ᠤᠳᠤᠬᠠᠨ ᠪᠤᠯᠬᠤ ᠳᠤ ᠮᠠᠨ ᠤ ᠬᠤᠰᠢᠭᠤᠨ ᠤ 32 ᠭᠠᠴᠠᠭ᠎ᠠ ᠲᠤᠰᠬᠤᠨ ᠳᠤ ᠬᠡᠷᠡᠭᠵᠢᠬᠦᠯᠦᠨ ᠨᠡᠶᠢᠳᠡ 1190 ᠲᠦᠮᠡᠨ ᠲᠦᠬᠦᠷᠢᠭ ᠤᠷᠤᠭᠤᠯᠵᠤ 2361 ᠲᠦᠮᠡᠨ ᠲᠦᠬᠦᠷᠢᠭ ᠡᠷᠬᠢᠯᠳᠦᠬᠦᠯᠦᠨ 2034 ᠬᠡᠰᠢᠬᠦᠨ ᠲᠠᠢ ᠪᠤᠯᠵᠠᠢ᠃ ᠡᠬᠦᠨ ᠳᠤ 448 ᠶᠠᠳᠠᠭᠤ ᠡᠷᠦᠬᠡ ᠪᠠᠶᠢᠵᠤ ᠵᠢᠬᠡᠯᠡᠯᠬᠡ ᠪᠤᠴᠠᠭᠠᠭᠰᠠᠨ ᠨᠤᠷᠮ᠎ᠠ ᠨᠢ 100% ᠳᠤ ᠬᠦᠷᠴᠦ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号