ᠮᠠᠨ ᠤ ᠬᠤᠰᠢᠭᠤᠨ ᠤ ᠪᠤᠳᠠᠰ ᠤᠨ ᠪᠤᠰᠣ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠪ ᠨᠢ | ᠤᠯᠠᠮᠵᠢᠯᠠᠯᠳᠤ ᠤᠶᠢᠯᠡᠳᠪᠤᠷᠢᠯᠠᠯ ᠠᠮᠢᠳᠤᠷᠠᠯ᠂ ᠵᠡᠩ ᠤᠶᠢᠯᠡ᠂ ᠰᠤᠶᠣᠯ ᠪᠤᠯᠪᠠᠰᠤᠨ ᠵᠡᠷᠭᠡ ᠣᠷᠣᠨ ᠨᠣᠳᠤᠭ ᠤᠨ | ᠨᠠᠶᠢᠳᠡᠯᠢᠭ ᠪᠤᠳᠠᠰ ᠤᠨ ᠪᠤᠰᠤ ᠰᠤᠶᠤᠯ ᠤᠨ ᠦᠪ ᠢ ᠠᠪᠤᠷᠠᠨ ᠬᠠᠮᠠᠭᠠᠯᠠᠬᠤ ᠠᠵᠢᠯ ᠢ ᠰᠠᠶᠢᠳᠣᠷ ᠬᠢᠭᠰᠡᠨ ᠰᠠᠭᠤᠷᠢᠨ | ᠲᠡᠭᠡᠷ᠎ᠡ ᠡᠨᠡ ᠵᠢᠯ ᠠᠴᠠ ᠡᠬᠢᠯᠡᠨ ᠦᠨᠳᠣᠰᠣᠨ ᠱᠠᠳᠣᠨ ᠳᠠᠬᠢ ᠣᠰᠠᠳᠣᠮᠡᠷ ᠪᠠᠶᠢᠭ᠎ᠠ ᠪᠤᠳᠠᠰ ᠤᠨ ᠪᠤᠰᠣ ᠰᠤᠶᠣᠯ ᠤᠨ | ᠦᠪ ᠢ ᠬᠦᠨᠵᠡᠬᠡᠢ ᠠᠭᠤᠳᠠᠯᠠᠨ ᠠᠪᠤᠷᠠᠨ ᠬᠠᠮᠠᠭᠠᠯᠠᠬᠤ ᠠᠵᠢᠯ ᠢᠶᠠᠨ ᠰᠠᠶᠢᠲᠤᠷ ᠬᠢᠵᠦ ᠪᠠᠶᠢᠨ᠎ᠠ᠃ | ᠨᠡᠶᠢᠭᠡᠮ ᠬᠦᠭᠵᠢᠭᠦ ᠶᠢ ᠲᠠᠭᠠᠯᠳᠤᠨ ᠲᠠᠯᠢᠩ ᠭᠡᠷᠡᠭᠯᠡᠭᠦ ᠬᠦᠮᠦᠰ ᠴᠦᠭᠡᠷᠡᠭᠰᠡᠨ ᠴᠤ ᠤᠯᠠᠭᠠᠨᠳᠤᠯᠤᠭᠠᠢ | ᠪᠠᠯᠭᠠᠰᠤᠨ ᠤ ᠪᠠᠶᠠᠨ᠋ᠤ᠋ᠪᠤᠭ᠎ᠠ ᠭᠠᠴᠠᠭᠠᠨ ᠤ ᠨᠤᠷᠪᠤ ᠬᠠᠷᠢᠨ ᠤᠯᠠᠮᠵᠢᠯᠠᠯᠳᠤ ᠲᠠᠯᠢᠩ ᠲᠡᠯᠳᠡᠭᠦ ᠠᠷᠭ᠎ᠠ ᠶᠢ ᠤᠯᠠᠮᠵᠢᠯᠠᠨ | ᠵᠠᠯᠭᠠᠮᠵᠢᠯᠠᠵᠤ ᠦᠪᠡᠷ ᠤᠨ ᠠᠮᠢᠳᠤᠷᠠᠯ ᠤᠨ ᠲᠤᠮᠲᠠ ᠪᠠᠨ ᠬᠡᠷᠡᠭᠯᠡᠨ ᠪᠤᠳᠠᠰ ᠤᠨ ᠪᠤᠰᠣ ᠰᠤᠶᠣᠯ ᠤᠨ ᠦᠪ ᠢ | ᠠᠪᠤᠷᠠᠨ ᠬᠠᠮᠠᠭᠠᠯᠠᠬᠤ ᠠᠵᠢᠯ ᠳᠤ ᠦᠪᠡᠷ ᠤᠨ ᠭᠡᠰᠡᠨ ᠬᠤᠪᠢ ᠨᠡᠮᠡᠷᠢ ᠪᠠᠨ ᠡᠷᠭᠦᠵᠦ ᠪᠠᠶᠢᠨ᠎ᠠ᠃ | ᠲᠠᠯ᠎ᠠ ᠶᠢᠨ ᠤᠰᠣ ᠭᠠᠴᠠᠭᠠᠨ ᠤ ᠰᠡᠴᠡᠨᠳᠤᠶᠠᠭ᠎ᠠ ᠴᠤ ᠬᠤᠶᠠᠷ ᠵᠢᠯ ᠤᠨ ᠡᠮᠤᠨ᠎ᠠ ᠲᠤᠰᠬᠠᠢ ᠪᠠᠭᠰᠢ ᠠᠴᠠ | ᠬᠤᠨᠢᠨ ᠠᠬᠠᠷ ᠢᠶᠠᠷ ᠤᠯᠠᠮᠵᠢᠯᠠᠯᠲᠤ ᠢᠰᠡᠭᠡᠢ ᠭᠢᠭᠦ ᠠᠷᠭ᠎ᠠ ᠶᠢ ᠰᠤᠷᠴᠤ ᠤᠳᠣ ᠦᠪᠡᠷ ᠢᠶᠠᠨ ᠢᠰᠡᠭᠡᠢ ᠬᠢᠵᠦ | ᠤᠶᠢᠯᠡᠳᠪᠤᠷᠢᠯᠠᠯ ᠠᠮᠢᠳᠤᠷᠠᠯ ᠳᠤ ᠪᠠᠨ ᠬᠡᠷᠡᠭᠯᠡᠭᠦ ᠪᠤᠶᠤ ᠵᠠᠬ᠎ᠠ ᠲᠡᠯᠭᠡᠭᠦᠷ ᠲᠤ ᠪᠤᠷᠤᠯᠠᠭᠤᠯᠵᠦ ᠪᠠᠶᠢᠨ᠎ᠠ᠃ | ᠮᠠᠨ ᠤ ᠬᠤᠰᠢᠭᠤᠨ ᠤ ᠪᠤᠳᠠᠰ ᠤᠨ ᠪᠤᠰᠣ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠪ ᠨᠢ ᠡᠨᠡ ᠵᠢᠯ | ᠲᠤᠰᠬᠠᠶᠢᠯᠠᠨ ᠡᠶᠢᠮᠦᠷᠬᠦ ᠨᠢᠭᠡ ᠪᠦᠯᠥᠭ ᠤᠰᠠᠳᠣᠮᠠᠷ ᠪᠠᠶᠢᠭ᠎ᠠ ᠪᠤᠳᠠᠰ ᠤᠨ ᠪᠤᠰᠣ ᠰᠤᠶᠣᠯ ᠤᠨ ᠦᠪ ᠢ ᠠᠪᠤᠷᠠᠨ | ᠬᠠᠮᠠᠭᠠᠯᠠᠬᠤ ᠠᠵᠢᠯ ᠢ ᠭᠤᠤᠯᠴᠢᠯᠠᠨ ᠠᠳᠬᠤᠵᠤ ᠡᠬᠢᠯᠡᠭᠰᠡᠨ ᠪᠠᠶᠢᠨ᠎ᠠ᠃ | ᠮᠠᠨ ᠤ ᠬᠤᠰᠢᠭᠤᠨ ᠤ ᠪᠤᠳᠠᠰ ᠤᠨ ᠪᠤᠰᠣ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠪ ᠨᠢ ᠪᠤᠷᠭᠠᠰᠤᠨ | ᠬᠦᠷᠦᠮᠠᠯ᠂ ᠰᠤᠷ ᠡᠳ᠋ᠯᠡᠯ᠂ ᠴᠠᠭᠠᠨ ᠢᠳᠡᠭᠡ ᠪᠤᠯᠪᠠᠰᠤᠷᠠᠭᠤᠯᠬᠤ᠂ ᠤᠷᠠᠨ ᠬᠠᠳᠬᠤᠮᠠᠯ᠂ ᠠᠳᠤᠭᠤ ᠠᠷᠠᠴᠢᠯᠠᠬᠤ | ᠵᠡᠷᠭᠡ ᠨᠢᠭᠡ ᠪᠦᠯᠥᠭ ᠨᠡᠶᠢᠳᠡᠮ ᠬᠠᠷᠠᠭᠳᠠᠬᠤ ᠤᠷᠤᠨ ᠨᠤᠳᠤᠭ ᠤᠨ ᠪᠤᠳᠠᠰ ᠤᠨ ᠪᠤᠰᠣ ᠰᠤᠶᠣᠯ ᠤᠨ ᠦᠪ ᠢ ᠠᠪᠤᠷᠠᠨ | ᠬᠠᠮᠠᠭᠠᠯᠠᠵᠤ ᠴᠢᠳᠠᠭᠰᠠᠨ ᠢᠶᠠᠷ ᠪᠠᠷᠠᠬᠤ ᠦᠭᠡᠢ ᠪᠠᠰᠠ ᠲᠤᠭᠳᠠᠭᠰᠠᠨ ᠬᠤᠭᠤᠴᠠᠭ᠎ᠠ ᠲᠠᠢ ᠪᠠᠷ ᠬᠤᠰᠢᠭᠤᠨ ᠤ ᠡᠯ᠎ᠡ | ᠮᠤᠩᠭᠤᠯ ᠰᠣᠷᠭᠠᠭᠤᠯᠢ ᠳᠤ ᠬᠦᠷᠭᠡᠵᠦ ᠤᠷᠤᠨ ᠨᠤᠳᠤᠭ ᠤᠨ ᠪᠤᠳᠠᠰ ᠤᠨ ᠪᠤᠰᠣ ᠰᠤᠶᠤᠯ ᠤᠨ ᠦᠪ ᠢ | ᠰᠤᠷᠤᠭᠴᠢᠳ ᠲᠤ ᠤᠯᠠᠮᠵᠢᠯᠠᠨ ᠣᠶᠢᠯᠠᠭᠠᠭᠤᠯᠵᠦ ᠪᠠᠶᠢᠨ᠎ᠠ᠃ |