12 ᠰᠠᠷ᠎ᠠ ᠶᠢᠨ 12 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ | ᠴᠦᠨ ᠨᠠᠷ ᠮᠠᠨ ᠤ ᠬᠤᠰᠢᠭᠤᠨ ᠤ ᠴᠢᠬᠤᠯᠠ ᠶᠡᠭᠡ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ᠂ ᠠᠶᠦᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠶᠢᠨ ᠡᠦ᠂ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ ᠵᠡᠷᠭᠡ ᠤᠳᠤᠷᠢᠳᠤᠯᠭ᠎ᠠ ᠨᠠᠷ ᠪᠠᠷᠠᠳᠠᠨ ᠪᠠᠶᠢᠴᠠᠭᠠᠪᠠ᠃ | ᠵᠠᠩ ᠱᠤᠤ ᠴᠦᠨ ᠨᠠᠷ ᠤᠷᠢᠳ ᠬᠤᠵᠢᠳ ᠵᠦᠩ ᠲᠢᠶᠡᠨ ᠡᠾᠧ ᠴᠤᠸᠠᠩ ᠡᠨᠧᠷᠬᠢ ᠶᠢᠨ ᠬᠢᠵᠠᠭᠠᠷᠲᠦ | ᠬᠠᠷᠢᠭᠤᠴᠠᠯᠭᠠᠲᠦ ᠺᠤᠮᠫᠠᠨᠢ᠂ ᠵᠦᠩ ᠮᠸᠢ ᠤᠷᠳᠤᠰ ᠤᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠦ | ᠺᠤᠮᠫᠠᠨᠢ ᠵᠡᠷᠭᠡ ᠭᠠᠵᠠᠷ ᠢᠶᠠᠷ ᠬᠦᠷᠴᠦ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠪᠤᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠤᠶᠢᠯᠠᠭᠠᠬᠤ ᠶᠢᠨ | ᠬᠠᠮᠲᠦ ᠠᠵᠤ ᠠᠬᠤᠶᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ᠂ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ | ᠤ ᠰᠢᠨᠡᠴᠢᠯᠡᠯᠲᠡ᠂ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠯᠠᠪᠯᠠᠨ ᠠᠰᠠᠭᠤᠪᠠ᠃ ᠳᠡᠲᠡ ᠲᠦᠷᠦᠯ | ᠵᠦᠢᠯ ᠤᠨ ᠦᠮᠴᠢᠲᠡᠨ ᠪᠤᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠠᠶᠦᠯᠭᠦᠢ ᠦᠢᠯᠡᠳᠪᠦᠷᠢᠯᠡᠯ ᠢ ᠴᠠᠭ | ᠢᠮᠠᠭᠲᠠ ᠠᠩᠬᠠᠷᠴᠦ ᠠᠶᠦᠯᠭᠦᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠠᠷ | ᠲᠤᠭᠤᠰᠢᠯᠠᠭᠤᠯᠤᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠤᠯᠤᠨ ᠬᠠᠮᠢᠶᠠᠷᠤᠯᠲᠠ᠂ | ᠰᠡᠷᠭᠡᠶᠢᠯᠡᠯᠲᠡ᠂ ᠬᠢᠨᠠᠯᠲᠠ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠠᠶᠦᠯᠭᠦᠢ | ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠬᠡᠪᠡ᠃ | ᠵᠠᠩ ᠱᠣᠣ ᠴᠦᠨ ᠵᠢᠭᠠᠬᠤ ᠳᠤ ᠪᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠠᠮᠤᠷ | ᠳᠦᠪᠰᠢᠨ ᠬᠦᠭᠵᠢᠯᠲᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠠᠶᠦᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ ᠡᠯ᠎ᠡ ᠲᠦᠷᠦᠯ ᠤᠨ ᠠᠶᠦᠯᠭᠦᠢ ᠶᠢᠨ ᠠᠷᠭ᠎ᠠ ᠬᠡᠮᠵᠢᠶ᠎ᠡ ᠶᠢ | ᠲᠤᠭᠤᠰᠢᠯᠠᠭᠤᠯᠵᠦ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ᠂ ᠨᠡᠶᠢᠬᠡᠮ ᠤᠨ ᠲᠤᠭᠲᠠᠭᠤᠨ ᠡᠶ᠎ᠡ ᠵᠤᠬᠢᠴᠠᠯ ᠢ | ᠪᠠᠲᠤᠯᠠᠬᠤ ᠳᠤ ᠠᠮᠤᠷ ᠳᠦᠪᠰᠢᠨ ᠤ ᠪᠠᠲᠤᠯᠠᠭ᠎ᠠ ᠶᠢ ᠬᠠᠩᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠶᠢᠨ ᠣᠷᠳᠤᠨ | ᠠᠵᠤ ᠠᠬᠤᠶᠢᠯᠠᠯ ᠳᠤ ᠦᠢᠯᠡᠴᠢᠯᠡᠬᠦ ᠬᠦᠴᠦᠯᠡᠴᠡ ᠪᠠᠨ ᠳᠠᠰᠤᠷᠠᠯᠲᠠ ᠦᠭᠡᠢ ᠨᠡᠮᠡᠭᠲᠡᠭᠦᠯᠵᠤ ᠲᠦᠷᠦᠯ ᠵᠦᠢᠯ ᠤᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ ᠰᠢᠯᠢᠳᠡᠭ ᠰᠠᠶᠢᠨ ᠠᠷᠠᠯᠵᠢᠶᠠᠯᠠᠵᠤ ᠬᠤᠳᠠᠯᠳᠤᠭᠠᠯᠠᠬᠤ ᠤᠷᠴᠢᠨ | ᠢ ᠡᠭᠦᠳᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ ᠠᠵᠤ | ᠦᠢᠯᠡᠰ ᠤᠨ ᠬᠡᠯᠬᠢᠶᠡᠵᠢᠯ ᠤᠨ ᠲᠤᠭᠤᠷᠢᠨ ᠳᠤ ᠨᠠᠷᠢᠯᠢᠭ ᠤᠨᠤᠪᠴᠢᠲᠠᠢ ᠪᠠᠷ ᠠᠷᠠᠯᠵᠢᠶᠡᠴᠢᠨ ᠤᠷᠢᠬᠤ᠂ | ᠲᠤᠭᠲᠠᠭᠰᠠᠨ ᠭᠠᠵᠠᠷ ᠲᠤ ᠠᠷᠠᠯᠵᠢᠶᠠᠴᠢᠨ ᠤᠷᠢᠬᠤ᠂ ᠬᠡᠯᠬᠢᠵᠢᠶᠡᠵᠢᠯ ᠢ ᠤᠷᠳᠤᠳᠬᠠᠵᠤ ᠨᠦᠬᠦᠪᠦᠷᠢᠯᠡᠬᠦ ᠮᠠᠶ᠋ᠢᠭ ᠤᠨ | ᠬᠡᠯᠪᠡᠷᠢ ᠪᠠᠷ ᠠᠷᠠᠯᠵᠢᠶᠠᠴᠢᠨ ᠤᠷᠢᠬᠤ ᠬᠡᠷᠡᠭᠲᠡᠢ᠃ ᠡᠯ᠎ᠡ ᠠᠵᠤ ᠦᠢᠯᠡᠳᠪᠦᠷᠢ ᠠᠵᠤ ᠠᠬᠤᠶᠢᠯᠠᠯ ᠤᠨ ᠬᠢᠨ | ᠪᠠᠶᠢᠭᠤᠯᠤᠯᠲᠠ ᠶᠢ ᠲᠦᠷᠬᠡᠳᠬᠡᠵᠤ ᠬᠦᠭᠵᠢᠯᠲᠡ ᠶᠢ ᠪᠤᠵᠠᠭᠠᠶᠢᠷᠠᠭᠤᠯᠤᠨ ᠦᠷ᠎ᠡ ᠠᠰᠢᠭ ᠢ ᠡᠭᠦᠳᠬᠦ ᠶᠢᠨ ᠵᠡᠷᠭᠡᠪᠡᠷ | ᠠᠮᠤᠷ ᠲᠦᠪᠰᠢᠨ ᠬᠦᠭᠵᠢᠯᠲᠡ ᠶᠢᠨ ᠤᠨᠤᠯᠵᠢᠭᠤᠨ ᠢ ᠪᠠᠷᠢᠮᠲᠠᠯᠠᠨ ᠠᠶᠦᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠶᠢᠨ | ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ | ᠬᠡᠷᠡᠭᠲᠡᠢ ᠬᠡᠪᠡ᠃ |