12 ᠰᠠᠷ᠎ᠠ ᠶᠢᠨ 10 ᠤ ᠡᠳᠤᠷ᠂ ᠲᠠᠪᠤᠨ ᠡᠳᠤᠷ ᠤᠨ ᠬᠤᠭᠤᠴᠠᠭ᠎ᠠ ᠲᠠᠢ ᠶᠠᠪᠤᠭᠳᠠᠭᠰᠠᠨ ᠠᠷᠪᠠ | ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠪᠤᠬᠢᠷᠳᠤᠯ ᠦᠭᠡᠢ ᠢᠳᠡᠭᠡᠨ ᠤ ᠦᠵᠡᠰᠬᠦᠯᠡᠩ ᠵᠢᠴᠢ ᠠᠷᠪᠠᠨ | ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠤᠷᠭᠠᠨᠢᠭ ᠢᠳᠡᠭᠡᠨ ᠤ ᠦᠵᠡᠰᠭᠦᠯᠡᠩ ᠰᠢᠶᠠᠮᠧᠨ ᠬᠤᠳᠠ ᠶᠢᠨ | ᠲᠡᠯᠡᠭᠡᠢ ᠶᠢᠨ ᠦᠵᠡᠰᠬᠦᠯᠡᠩ ᠤᠨ ᠲᠦᠪ ᠲᠤ ᠠᠮᠵᠢᠯᠳᠠ ᠲᠠᠢ ᠦᠨᠳᠦᠷᠯᠡᠪᠡ᠃ ᠠᠦ᠋ᠰᠲᠷᠠᠯᠢᠶ᠎ᠠ᠂ ᠠᠩᠭᠡᠯᠢ᠂ ᠢᠲ᠋ᠠᠯᠢ | ᠂ ᠤᠷᠤᠰ᠂ ᠺᠤᠷᠢᠶ᠋ᠨ ᠤᠯᠤᠰ ᠵᠢᠴᠢ ᠤᠯᠤᠰ ᠤᠨ ᠲᠤᠳᠤᠭᠠᠳᠤ ᠶᠢᠨ 30 ᠭᠠᠷᠤᠢ ᠮᠤᠵᠢ ᠤᠷᠤᠨ᠂ ᠰᠢᠭᠤᠳ | ᠬᠠᠷᠢᠶ᠎ᠠ ᠬᠤᠳᠠ ᠶᠢᠨ 1500 ᠢᠯᠡᠬᠦᠤ ᠬᠤᠳᠠᠯᠳᠤᠭᠠᠴᠢᠨ ᠪᠠ ᠮᠠᠨ ᠤ ᠬᠤᠳᠠ ᠶᠢᠨ 8 ᠠᠵᠤ ᠠᠬᠤᠶᠢᠯᠠᠯ ᠢ | ᠪᠠᠭᠳᠠᠭᠠᠭᠰᠠᠨ ᠤᠯᠤᠰ ᠤᠨ ᠲᠤᠳᠤᠭᠠᠳᠤ ᠭᠠᠳᠠᠭᠠᠳᠤ ᠶᠢᠨ 2000 ᠭᠠᠷᠤᠢ ᠠᠵᠤ ᠠᠬᠤᠶᠢᠯᠠᠯ ᠲᠤᠰ ᠤᠳᠠᠭᠠᠨ ᠤ | ᠦᠵᠡᠰᠬᠦᠯᠡᠩ ᠳᠤ ᠤᠷᠤᠯᠴᠠᠭᠰᠠᠨ ᠪᠠᠶᠢᠨ᠎ᠠ᠃ ᠠᠷᠪᠠ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠪᠤᠬᠢᠷᠳᠤᠯ | ᠦᠭᠡᠢ ᠢᠳᠡᠭᠡᠨ ᠤ ᠦᠵᠡᠰᠬᠦᠯᠡᠩ ᠲᠡᠭᠡᠷ᠎ᠡ ᠮᠠᠨ ᠤ ᠬᠤᠰᠢᠭᠤᠨ ᠤ ᠦᠤᠰᠢᠨ ᠲᠦᠬᠦᠭᠡᠢ ᠠᠮᠤ᠂ ᠮᠤᠤᠠᠤᠰᠤ ᠶᠢᠨ | ᠴᠢᠪᠠᠭ᠎ᠠ ᠬᠤᠶᠠᠷ ᠪᠦᠳᠦᠭᠡᠭᠳᠡᠭᠦᠨ ᠠᠯᠳᠠᠨ ᠮᠧᠳᠡᠯ ᠢᠶᠠᠷ ᠮᠢᠯᠢᠶᠠᠯᠭᠠᠨ᠂ ᠠᠷᠪᠠᠨ ᠬᠤᠶᠠᠳᠤᠭᠠᠷ ᠬᠤᠭᠤᠴᠠᠭᠠᠨ ᠤ | ᠤᠯᠠᠨ ᠤᠯᠤᠰ ᠤᠨ ᠤᠷᠭᠠᠨᠢᠭ ᠢᠳᠡᠭᠡᠨ ᠤ ᠦᠵᠡᠰᠭᠦᠯᠡᠩ ᠲᠡᠭᠡᠷ᠎ᠡ ᠰᠢᠷᠬᠤᠰᠤᠨ ᠭᠤᠤᠯ ᠤᠨ ᠲᠤᠳᠤᠷᠭ᠎ᠠ ᠠᠯᠳᠠᠨ | ᠮᠧᠳᠡᠯ ᠢᠶᠠᠷ ᠮᠢᠯᠢᠶᠠᠯᠭᠠᠵᠤ᠂ ᠤᠰᠤᠨ ᠤ ᠭᠠᠷᠤᠯᠳᠠ ᠪᠤᠯᠬᠤ ︽ᠪᠠᠳᠤ ᠶᠢᠨ ᠲᠤᠬᠤᠢ ᠶᠢᠨ ᠶᠠᠰᠤᠳᠤ ᠮᠡᠯᠡᠭᠡᠢ︾ ᠨᠢ | ᠰᠢᠯᠢᠳᠡᠭ ᠱᠠᠩᠨᠠᠯ ᠢᠶᠠᠷ ᠮᠢᠯᠢᠶᠠᠯᠭᠠᠨ᠂ ᠮᠠᠨ ᠤ ᠬᠤᠰᠢᠭᠤᠨ ᠤ ᠪᠠᠶᠢᠭᠠᠯᠢᠯᠢᠭ ᠮᠠᠯ ᠲᠠᠷᠢᠶᠠᠯᠠᠩ ᠤᠨ ᠪᠦᠳᠦᠭᠡᠭᠳᠡᠭᠦᠨ | ᠤ ᠨᠠᠷ᠎ᠡ ᠠᠯᠳᠠᠷ ᠢ ᠤᠯᠠᠮ ᠨᠡᠮᠡᠭᠳᠡᠭᠦᠯᠦᠭᠰᠡᠨ ᠪᠠᠶᠢᠨ᠎ᠠ᠃ ᠤᠶᠢᠯᠠᠭᠠᠭᠰᠠᠨ ᠢᠶᠠᠷ ᠲᠤᠰ ᠤᠳᠠᠭᠠᠨ ᠤ ᠦᠵᠡᠰᠭᠦᠯᠡᠩ | ᠳᠤ ᠤᠷᠤᠯᠴᠠᠭᠰᠠᠨ ᠮᠠᠨ ᠤ ᠬᠤᠰᠢᠭᠤᠨ ᠤ 5 ᠠᠵᠤ ᠠᠬᠤᠶᠢᠯᠠᠯ ᠤᠨ ᠪᠤᠬᠢᠷᠳᠦᠯ ᠦᠭᠡᠢ ᠤᠷᠭᠠᠨᠢᠭ ᠪᠦᠳᠦᠭᠡᠭᠳᠡᠭᠦᠨ | ᠪᠤᠷᠤᠯᠠᠭᠤᠯᠭ᠎ᠠ ᠰᠠᠶᠢᠳᠠᠢ ᠪᠠᠶᠢᠵᠤ 1.83 ᠲᠦᠮᠡᠨ ᠲᠦᠭᠦᠷᠢᠭ ᠪᠤᠷᠤᠯᠠᠭᠤᠯᠵᠤ᠂ ᠭᠡᠰᠡᠭ ᠠᠵᠤ ᠠᠬᠤᠶᠢᠯᠠᠯ ᠲᠠᠢ | 50 ᠲᠤᠨ 50 ᠲᠦᠮᠡᠨ ᠲᠦᠭᠦᠷᠢᠭ ᠤᠨ ᠮᠠᠯ ᠲᠠᠷᠢᠶᠠᠯᠠᠩ ᠤᠨ ᠪᠠᠶᠢᠭᠠᠯᠢᠯᠢᠭ ᠪᠦᠳᠦᠭᠡᠭᠳᠡᠭᠦᠨ ᠤ ᠰᠠᠨᠠᠭᠠᠴᠢᠯᠠᠭ᠎ᠠ | ᠶᠢᠨ ᠭᠡᠷ᠎ᠡ ᠲᠤᠭᠳᠠᠭᠰᠠᠨ ᠪᠠᠶᠢᠨ᠎ᠠ᠃ ︵ᠤᠴᠠᠷᠠᠯ︶ |