— ᠤᠷᠳᠤᠰ ᠤᠨ ᠡᠳᠤᠷ ᠤᠨ ᠰᠤᠨᠢᠨ ᠤ ᠬᠤᠷᠢᠶ᠎ᠠ ᠥᠤᠰᠢᠨ ᠬᠤᠰᠢᠭᠤᠨ ᠤ ᠨᠠᠮ ᠤᠨ ᠬᠤᠷᠢᠶᠠᠨ ᠤ | ᠠᠯᠪᠠᠨ ᠭᠡᠷ ᠬᠠᠮᠳᠤᠷᠠᠨ ᠬᠠᠪᠰᠤᠷᠤᠨ ᠳᠡᠳᠬᠦᠭᠰᠡᠨ ᠠᠵᠢᠯ ᠢ ᠳᠡᠮᠳᠡᠭᠯᠡᠪᠡ | | ᠪᠠᠶᠠᠨᠭᠤᠤᠯ ᠭᠠᠴᠠᠭ᠎ᠠ ᠤᠯᠠᠭᠠᠨᠳᠤᠯᠤᠭᠠᠢ ᠪᠠᠯᠭᠠᠰᠤᠨ ᠤ ᠵᠡᠭᠦᠨ ᠡᠮᠤᠨ᠎ᠠ ᠪᠡᠶ᠎ᠠ ᠳᠤ ᠪᠠᠶᠢᠷᠢᠰᠢᠵᠤ᠂ ᠳᠠᠷᠢᠵᠤ | ᠳᠡᠵᠢᠬᠡᠬᠦ ᠮᠠᠯ ᠳᠠᠷᠢᠶᠠᠯᠠᠩ ᠤᠨ ᠠᠵᠤ ᠥᠢᠯᠡᠰ ᠢᠶᠠᠷ ᠭᠤᠤᠯ ᠪᠤᠯᠭᠠᠭᠰᠠᠨ ᠮᠠᠯᠵᠢᠬᠤ ᠳᠠᠷᠢᠶᠠᠯᠠᠬᠤ ᠭᠠᠴᠠᠭ᠎ᠠ ᠶᠤᠮ᠃ | 2015 ᠤᠨ ᠠᠴᠠ ᠨᠠᠰᠢ᠂ ᠤᠷᠳᠤᠰ ᠤᠨ ᠡᠳᠤᠷ ᠤᠨ ᠰᠤᠨᠢᠨ ᠤ ᠬᠤᠷᠢᠶᠠᠨ ᠤ ᠨᠠᠮ ᠤᠨ ᠬᠤᠷᠢᠶ᠎ᠠ ᠪᠤᠯᠤᠨ | ᠥᠤᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠬᠠᠮᠳᠤᠷᠠᠨ ᠪᠠᠶᠠᠨᠭᠤᠤᠯ ᠭᠠᠴᠠᠭ᠎ᠠ ᠶᠢ ᠬᠤᠯᠪᠤᠭᠠᠯᠠᠨ | ᠳᠠᠭᠠᠭᠠᠴᠢᠯᠠᠵᠤ ᠬᠠᠪᠰᠤᠷᠤᠨ ᠳᠡᠳᠬᠦᠭᠰᠡᠭᠡᠷ ᠢᠷᠡᠪᠡ᠂ ᠬᠡᠳᠤᠨ ᠵᠢᠯ ᠤᠨ ᠳᠤᠷᠰᠢ᠂ ᠥᠵᠡᠰᠭᠦᠯᠡᠩᠳᠤ ᠰᠠᠶᠢᠬᠠᠨ | ᠬᠥᠳᠡᠭᠡ ᠳᠤᠰᠬᠤᠨ ᠢ ᠪᠥᠳᠤᠭᠡᠨ ᠪᠠᠶᠢᠭᠤᠯᠬᠤ ᠠᠵᠠ ᠳᠤᠬᠢᠶᠠᠯ ᠢ ᠡᠵᠡᠮᠳᠡᠨ᠂ ᠨᠢᠭᠡ ᠪᠥᠯᠥᠭ ᠪᠤᠳᠠᠳᠤ | ᠪᠥᠳᠤᠮᠵᠢᠳᠡᠢ ᠬᠠᠪᠰᠤᠷᠤᠨ ᠳᠡᠳᠬᠦᠬᠦ ᠠᠷᠭ᠎ᠠ ᠬᠡᠮᠵᠢᠶ᠎ᠠ ᠶᠢ ᠬᠠᠮᠳᠤ ᠪᠠᠷ ᠭᠠᠷᠭᠠᠵᠤ᠂ ᠠᠷᠠᠳ ᠲᠤ ᠲᠥᠭᠦᠮ | ᠥᠵᠡᠭᠦᠯᠥᠭᠰᠡᠨ᠂ ᠠᠷᠠᠳ ᠲᠤ ᠠᠰᠢᠭ ᠬᠥᠷᠳᠡᠭᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠥᠬᠦ | ᠬᠥᠴᠤᠨ ᠢᠶᠠᠷ ᠬᠡᠷᠡᠭᠵᠢᠭᠦᠯᠥᠭᠡᠳ᠂ ᠬᠠᠭᠤᠴᠢᠨ ᠳᠤᠰᠬᠤᠨ ᠢ ᠰᠢᠨ᠎ᠠ ᠳᠤᠰᠬᠤᠨ ᠪᠤᠯᠭᠠᠨ ᠬᠤᠪᠢᠷᠠᠭᠤᠯᠵᠤ᠂ ᠶᠠᠳᠠᠭᠤ | ᠳᠤᠰᠬᠤᠨ ᠢ ᠪᠠᠶᠠᠨ ᠳᠤᠰᠬᠤᠨ ᠪᠤᠯᠭᠠᠨ ᠬᠤᠪᠢᠷᠠᠭᠤᠯᠵᠤ᠂ ᠪᠠᠭᠤᠷᠠᠢ ᠳᠤᠰᠬᠤᠨ ᠢ ᠬᠥᠴᠥᠷᠬᠡᠭ ᠳᠤᠰᠬᠤᠨ ᠪᠤᠯᠭᠠᠨ | ᠬᠤᠪᠢᠷᠠᠭᠤᠯᠤᠭᠰᠠᠨ ᠠᠴᠠ 2018 ᠤᠨ ᠳᠤ ᠪᠠᠶᠠᠨᠭᠤᠤᠯ ᠭᠠᠴᠠᠭ᠎ᠠ ᠪᠥᠬᠦ ᠬᠤᠳᠠ ᠶᠢᠨ ᠰᠢᠶᠠᠩ ᠳᠤᠰᠬᠤᠨ ᠢ | ᠬᠥᠭᠵᠢᠭᠦᠯᠥᠨ ᠮᠠᠨᠳᠤᠭᠤᠯᠬᠤ ᠠᠩᠬᠠᠳᠠᠭᠴᠢ ᠪᠥᠯᠥᠭ ᠵᠢᠱᠢᠶ᠎ᠠ ᠥᠵᠡᠬᠦᠯᠬᠦ ᠭᠠᠴᠠᠭ᠎ᠠ ᠳᠤᠰᠬᠤᠨ ᠢᠶᠠᠷ ᠥᠨᠡᠯᠡᠭᠳᠡᠭᠰᠡᠨ | ᠪᠠᠶᠢᠨ᠎ᠠ᠃ | ᠰᠢᠯᠢᠳᠡᠭ ᠨᠠᠮ ᠤᠨ ᠡᠭᠦᠷ ᠢᠶᠠᠷ ᠬᠥᠭᠵᠢᠯᠳᠡ ᠶᠢ ᠳᠠᠶᠢᠴᠢᠯᠠᠪᠠ | ᠪᠠᠶᠠᠨᠭᠤᠤᠯ ᠭᠠᠴᠠᠭ᠎ᠠ ᠶᠢ ᠬᠥᠭᠵᠢᠭᠦᠯᠥᠨ ᠮᠠᠨᠳᠤᠭᠤᠯᠵᠤ᠂ ᠶᠠᠳᠠᠭᠤ ᠬᠥᠴᠢᠷᠳᠡᠯᠳᠡᠢ ᠡᠷᠤᠬᠡ ᠶᠢ ᠶᠠᠳᠠᠭᠤ ᠠᠴᠠ | ᠠᠩᠬᠢᠵᠢᠷᠠᠭᠤᠯᠤᠨ᠂ ᠮᠠᠯᠴᠢᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠳᠤ ᠡᠷᠬᠡᠪᠰᠢ ᠨᠢᠭᠡᠨ ᠰᠢᠯᠢᠳᠡᠭ | ᠨᠠᠮ ᠤᠨ ᠡᠭᠦᠷ ᠪᠠᠶᠢᠬᠤ ᠬᠡᠷᠡᠭᠳᠡᠢ᠂ ᠡᠨᠡ ᠪᠤᠯ ᠤᠷᠳᠤᠰ ᠤᠨ ᠡᠳᠤᠷ ᠤᠨ ᠰᠤᠨᠢᠨ ᠤ ᠬᠤᠷᠢᠶᠠᠨ ᠤ ᠨᠠᠮ ᠤᠨ | ᠬᠤᠷᠢᠶ᠎ᠠ ᠪᠤᠯᠤᠨ ᠥᠤᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠬᠠᠮᠳᠤᠷᠠᠨ ᠪᠠᠶᠠᠨᠭᠤᠤᠯ | ᠭᠠᠴᠠᠭ᠎ᠠ ᠶᠢ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠳᠡᠳᠬᠦᠬᠦ ᠪᠤᠳᠠᠳᠤ ᠥᠢᠯᠡᠳᠤᠯᠭᠡ ᠶᠢᠨ ᠳᠤᠮᠳᠠᠬᠢ ᠨᠢᠭᠡᠨ | ᠳᠤᠷᠰᠢᠯᠭ᠎ᠠ ᠮᠥᠨ᠃ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠳᠡᠳᠬᠦᠬᠦ ᠠᠵᠢᠯ ᠤᠨ ᠡᠭᠦᠷᠭᠡ ᠶᠢ ᠬᠠᠮᠤᠭ | ᠠᠩᠬ᠎ᠠ ᠬᠥᠯᠢᠶᠡᠨ ᠠᠪᠤᠮᠠᠭᠴᠠ᠂ ᠤᠷᠳᠤᠰ ᠤᠨ ᠡᠳᠤᠷ ᠤᠨ ᠰᠤᠨᠢᠨ ᠤ ᠬᠤᠷᠢᠶᠠᠨ ᠤ ᠨᠠᠮ ᠤᠨ ᠬᠤᠷᠢᠶ᠎ᠠ ᠪᠤᠯᠤᠨ | ᠥᠤᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠬᠢᠨ ᠳᠤᠰᠪᠤᠷᠢ ᠪᠠᠶᠢᠭᠤᠯᠭ᠎ᠠ ᠨᠢᠭᠡᠴᠢ ᠶᠢᠨ | ᠭᠤᠤᠯᠯᠠᠭᠴᠢ ᠠᠵᠢᠯᠳᠠᠨ ᠢᠶᠠᠷ ᠪᠥᠷᠢᠯᠳᠥᠭᠰᠡᠨ ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠵᠤᠬᠢᠶᠠᠨ | ᠪᠠᠶᠢᠭᠤᠯᠵᠤ᠂ ᠭᠠᠴᠠᠭᠠᠨ ᠤ ᠨᠠᠮ ᠤᠨ ᠡᠭᠦᠷ ᠵᠥᠪᠯᠡᠯ ᠤᠨ ᠪᠥᠷᠢᠯᠳᠥᠭᠦᠨ ᠲᠠᠢ ᠬᠠᠮᠳᠤᠷᠠᠨ ᠥᠨᠳᠤᠰᠤᠨ ᠱᠠᠳᠤᠨ ᠳᠤ | ᠭᠥᠨᠵᠡᠭᠡᠶᠢᠷᠡᠨ᠂ ᠤᠯᠠᠨ ᠤ ᠰᠠᠨᠠᠯ ᠢ ᠰᠤᠨᠤᠰᠬᠤ᠂ ᠯᠠᠪᠯᠠᠵᠤ ᠠᠰᠠᠭᠤᠬᠤ᠂ ᠪᠠᠶᠢᠴᠠᠭᠠᠨ ᠰᠤᠳᠤᠯᠤᠯᠳᠠ ᠬᠢᠬᠦ ᠵᠡᠷᠭᠡ | ᠠᠷᠭ᠎ᠠ ᠪᠠᠷ ᠤᠯᠠᠨ ᠲᠥᠮᠡᠨ ᠤ ᠪᠤᠳᠤᠯ ᠰᠡᠳᠬᠢᠯ ᠬᠦ᠋ᠰᠡᠯ ᠱᠠᠭᠠᠷᠳᠠᠯᠭ᠎ᠠ ᠶᠢ ᠥᠢᠯᠠᠭᠠᠵᠤ᠂ ᠪᠠᠴᠢᠮ ᠰᠢᠢᠳᠪᠤᠷᠢᠯᠡᠬᠦ | ᠴᠢᠬᠤᠯᠠᠳᠠᠢ ᠠᠰᠠᠭᠤᠳᠠᠯ ᠤᠳ ᠲᠤ ᠰᠢᠨᠵᠢᠯᠡᠬᠦ ᠤᠬᠠᠭᠠᠨᠴᠢ ᠨᠤᠳᠠᠯᠠᠯᠳᠠ ᠬᠢᠬᠦ ᠪᠠ ᠨᠢᠭᠡᠳᠤᠯᠳᠡᠢ ᠲᠥᠯᠥᠪᠵᠢᠭᠦᠯᠥᠨ | ᠰᠡᠳᠥᠬᠦ ᠪᠠᠷ ᠳᠠᠮᠵᠢᠭᠤᠯᠤᠨ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠳᠡᠳᠬᠦᠬᠦ ᠠᠵᠢᠯ ᠢ ᠨᠠᠷᠢᠯᠢᠭᠵᠢᠭᠤᠯᠤᠨ | ᠪᠤᠳᠠᠳᠠᠶᠢᠵᠢᠭᠤᠯᠤᠭᠰᠠᠨ ᠪᠠᠶᠢᠨ᠎ᠠ᠃ | ᠡᠭᠦᠨ ᠤ ᠰᠠᠭᠤᠷᠢᠨ ᠳᠡᠭᠡᠷ᠎ᠠ᠂ ᠤᠷᠳᠤᠰ ᠤᠨ ᠡᠳᠤᠷ ᠤᠨ ᠰᠤᠨᠢᠨ ᠤ ᠬᠤᠷᠢᠶᠠᠨ ᠤ 8 ᠨᠠᠮ ᠤᠨ ᠭᠡᠰᠢᠭᠦᠨ᠂ | ᠥᠤᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ 31 ᠨᠠᠮ ᠤᠨ ᠭᠡᠰᠢᠭᠦᠨ᠂ ᠤᠯᠠᠭᠠᠨᠳᠤᠯᠤᠭᠠᠢ | ᠪᠠᠯᠭᠠᠰᠤᠨ ᠤ 8 ᠨᠠᠮ ᠤᠨ ᠭᠡᠰᠢᠭᠦᠨ ᠺᠠᠳ᠋ᠷ ᠨᠢ ᠪᠠᠶᠠᠨᠭᠤᠤᠯ ᠭᠠᠴᠠᠭᠠᠨ ᠤ 22 ᠶᠠᠳᠠᠭᠤ ᠡᠷᠤᠬᠡ ᠲᠠᠢ ᠨᠦᠬᠦᠷ | ᠰᠠᠳᠤᠨ ᠪᠤᠯᠤᠯᠴᠠᠵᠤ᠂ ᠬᠥᠴᠤ ᠪᠠᠨ ᠬᠠᠮᠳᠤᠳᠬᠠᠨ ᠬᠥᠭᠵᠢᠯᠳᠡ ᠶᠢ ᠠᠬᠢᠭᠤᠯᠪᠠ᠃ ᠥᠵᠡᠰᠭᠦᠯᠡᠩᠳᠤ ᠰᠠᠶᠢᠬᠠᠨ | ᠬᠥᠳᠡᠭᠡ ᠳᠤᠰᠬᠤᠨ ᠤ ᠪᠥᠳᠤᠭᠡᠨ ᠪᠠᠶᠢᠭᠤᠯᠤᠯᠳᠠ ᠶᠢ ᠭᠥᠨᠵᠡᠭᠡᠢ ᠠᠬᠢᠭᠤᠯᠬᠤ ᠶᠠᠪᠤᠴᠠ ᠳᠤ᠂ ᠥᠵᠡᠰᠭᠦᠯᠡᠩᠳᠤ | ᠰᠠᠶᠢᠬᠠᠨ ᠳᠤᠰᠬᠤᠨ ᠤ ᠠᠷᠠᠳ᠂ ᠥᠵᠡᠰᠭᠦᠯᠡᠩᠳᠤ ᠰᠠᠶᠢᠬᠠᠨ ᠭᠡᠷ ᠬᠥᠷᠢᠶ᠎ᠠ᠂ ᠥᠵᠡᠰᠭᠦᠯᠡᠩᠳᠤ ᠰᠠᠶᠢᠬᠠᠨ ᠤᠷᠴᠢᠨ | ᠳᠤᠭᠤᠷᠢᠨ᠂ ᠥᠵᠡᠰᠭᠦᠯᠡᠩᠳᠤ ᠰᠠᠶᠢᠬᠠᠨ ᠥᠢᠯᠡᠴᠢᠯᠡᠭᠡ ᠶᠢ ᠪᠠᠭᠳᠠᠭᠠᠭᠰᠠᠨ ︽ᠲᠥᠷᠪᠡᠨ ᠥᠵᠡᠰᠭᠦᠯᠡᠩᠳᠤ ᠮᠠᠯᠴᠢᠨ | ᠳᠠᠷᠢᠶᠠᠴᠢᠨ ᠡᠷᠤᠬᠡ︾ ᠶᠢ ᠡᠭᠦᠳᠤᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠤ᠂ ︽ᠪᠠᠯᠭᠠᠰᠤᠨ ᠤ ᠺᠠᠳ᠋ᠷ | ᠳᠤᠰᠬᠤᠨ ᠳᠤ ᠪᠠᠭᠤᠵᠤ ᠠᠵᠢᠯ ᠡᠷᠬᠢᠯᠡᠬᠦ᠂ ᠭᠠᠴᠠᠭᠠᠨ ᠳᠤ ᠰᠠᠭᠤᠭ᠎ᠠ ᠺᠠᠳ᠋ᠷ ᠪᠠᠯᠭᠠᠰᠤᠨ ᠳᠤ ᠤᠴᠢᠵᠤ ᠠᠵᠢᠯ | ᠡᠷᠬᠢᠯᠡᠬᠦ᠂ ᠠᠵᠢᠯᠳᠠᠨ ᠬᠤᠳᠠ ᠳᠤ ᠤᠷᠤᠵᠤ ᠠᠵᠢᠯ ᠡᠷᠬᠢᠯᠡᠬᠦ︾ ᠥᠢᠯᠡᠴᠢᠯᠡᠬᠦ ᠠᠷᠭ᠎ᠠ ᠬᠡᠯᠪᠡᠷᠢ ᠪᠠᠷ ᠮᠠᠯᠴᠢᠨ | ᠳᠠᠷᠢᠶᠠᠴᠢᠨ ᠳᠤ ᠨᠡᠶᠢᠳᠡ 269 ᠪᠤᠳᠠᠳᠤ ᠤᠴᠢᠷ ᠢ ᠪᠥᠳᠤᠭᠡᠵᠤ ᠠᠰᠠᠭᠤᠳᠠᠯ ᠢ ᠰᠢᠢᠳᠪᠤᠷᠢᠯᠡᠵᠤ᠂ ︽ | ᠪᠥᠬᠦᠳᠡᠭᠡᠷ ᠢᠶᠠᠷ ᠢᠶᠠᠨ ᠨᠢᠭᠡ ᠰᠡᠳᠬᠢᠯ ᠨᠢᠭᠳᠠᠷᠠᠯ ᠤᠨ ᠬᠥᠴᠤᠨ ᠲᠠᠢ︾ ᠬᠥᠭᠵᠢᠯᠳᠡ ᠶᠢᠨ ᠬᠠᠮᠳᠤᠷᠠᠯ ᠤᠨ | ᠬᠥᠴᠤᠨ ᠢ ᠪᠤᠢ ᠪᠤᠯᠭᠠᠵᠤ᠂ ᠭᠠᠴᠠᠭᠠᠨ ᠤ ᠪᠥᠬᠦ ᠮᠠᠯᠴᠢᠨ ᠳᠠᠷᠢᠶᠠᠴᠢᠨ ᠢ ᠳᠠᠶᠢᠴᠢᠯᠠᠨ ᠪᠠᠶᠠᠵᠢᠨ ᠴᠢᠨᠡᠭᠡᠯᠢᠭᠵᠢᠬᠦ | ᠵᠠᠮ ᠢᠶᠠᠷ ᠵᠠᠮᠨᠠᠭᠤᠯᠤᠭᠰᠠᠨ ᠪᠠᠶᠢᠨ᠎ᠠ᠃ | ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠ ᠨᠢᠭᠡᠳᠤᠭᠡᠷ ᠱᠥᠵᠢ ᠶᠢᠨ ᠥᠢᠯᠡᠳᠤᠯ ᠢ ᠬᠥᠢᠴᠡᠳ | ᠪᠠᠳᠠᠷᠠᠭᠤᠯᠤᠨ᠂ ︽ᠨᠠᠮ ᠤᠨ ᠪᠠᠶᠢᠭᠤᠯᠤᠯᠳᠠ +︾ ᠠᠵᠢᠯ ᠤᠨ ᠳᠤᠭᠳᠠᠯᠴᠠᠭ᠎ᠠ ᠶᠢ ᠶᠡᠭᠡ ᠪᠠᠷ ᠠᠬᠢᠭᠤᠯᠤᠨ᠂ ᠰᠢᠨ᠎ᠠ | ᠰᠡᠳᠬᠢᠴᠡ᠂ ᠰᠢᠨ᠎ᠠ ᠳᠤᠭᠳᠠᠯᠴᠠᠭ᠎ᠠ᠂ ᠰᠢᠨ᠎ᠠ ᠠᠷᠭ᠎ᠠ ᠪᠠᠷᠢᠯ ᠢᠶᠠᠷ ᠥᠨᠳᠤᠰᠤᠨ ᠱᠠᠳᠤᠨ ᠤ ᠨᠠᠮ ᠤᠨ | ᠪᠠᠶᠢᠭᠤᠯᠤᠯᠳᠠ ᠶᠢᠨ ᠠᠵᠢᠯ ᠢ ᠰᠡᠳᠤᠵᠤ ᠠᠬᠢᠭᠤᠯᠤᠨ᠂ ᠨᠠᠮ ᠤᠨ ᠪᠠᠶᠢᠭᠤᠯᠤᠯᠳᠠ ᠶᠢ ᠠᠳᠬᠤᠬᠤ ᠪᠠᠷ ᠳᠠᠮᠵᠢᠭᠤᠯᠤᠨ | ᠪᠠᠶᠠᠨᠭᠤᠤᠯ ᠭᠠᠴᠠᠭᠠᠨ ᠤ ᠬᠥᠭᠵᠢᠯᠳᠡ ᠶᠢ ᠠᠬᠢᠭᠤᠯᠵᠤ᠂ ᠨᠠᠮ ᠤᠨ ᠪᠠᠶᠢᠭᠤᠯᠤᠯᠳᠠ ᠶᠢᠨ ᠠᠵᠢᠯ ᠪᠠ ᠭᠤᠤᠯ | ᠠᠵᠢᠯ ᠤᠨ ᠭᠥᠨᠵᠡᠭᠡᠢ ᠠᠭᠤᠰᠤᠯᠴᠠᠯ ᠢ ᠠᠬᠢᠭᠤᠯᠤᠨ᠂ ᠳᠡᠭᠡᠳᠤ ᠳᠤᠮᠳᠠ ᠵᠡᠷᠭᠡ ᠶᠢᠨ ᠳᠤᠰᠬᠠᠢ ᠮᠡᠷᠭᠡᠵᠢᠯ | ᠲᠡᠭᠦᠰᠥᠭᠰᠡᠨ ᠰᠤᠷᠤᠭᠴᠢᠳ᠂ ᠨᠤᠳᠤᠭ ᠲᠠᠭᠠᠨ ᠪᠤᠴᠠᠭᠰᠠᠨ ᠴᠢᠳᠠᠪᠤᠷᠢᠳᠠᠨ᠂ ᠪᠠᠶᠠᠵᠢᠯ ᠤᠨ ᠴᠢᠳᠠᠪᠤᠷᠢᠳᠠᠨ᠂ ᠠᠵᠤ | ᠥᠢᠯᠡᠰ ᠤᠨ ᠲᠤᠮᠤ ᠡᠷᠤᠬᠡ ᠶᠢ ᠢᠳᠡᠪᠬᠢᠳᠡᠢ ᠳᠠᠶᠢᠴᠢᠯᠠᠵᠤ ᠪᠠᠶᠢᠭᠠᠳ ᠭᠠᠴᠠᠭᠠᠨ ᠤ ᠨᠠᠮ ᠤᠨ ᠡᠭᠦᠷ ᠳᠤᠰᠬᠤᠨ ᠤ | ᠵᠥᠪᠯᠡᠯ ᠳᠤ ᠤᠷᠤᠭᠤᠯᠵᠤ᠂ ᠭᠠᠴᠠᠭᠠᠨ ᠤ ᠨᠠᠮ ᠤᠨ ᠡᠭᠦᠷ ᠳᠤᠰᠬᠤᠨ ᠤ ᠵᠥᠪᠯᠡᠯ ᠤᠨ ᠤᠳᠤᠷᠢᠳᠬᠤ ᠪᠠᠭ ᠤᠨ | ᠰᠢᠨ᠎ᠠ ᠬᠠᠭᠤᠴᠢᠨ ᠤ ᠰᠤᠯᠢᠭᠳᠠᠯ ᠢ ᠤᠷᠤᠭᠰᠢᠳᠡᠢ ᠪᠡᠶᠡᠯᠡᠭᠦᠯᠪᠡ᠃ ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ | ᠡᠭᠦᠷᠭᠡ ᠬᠠᠷᠢᠭᠤᠴᠠᠯᠭ᠎ᠠ ᠶᠢ ᠵᠤᠷᠢᠬᠳᠡᠢ ᠳᠠᠭᠠᠭᠠᠨ ᠠᠪᠴᠤ᠂ ᠢᠳᠡᠪᠬᠢᠳᠡᠢ ᠠᠵᠢᠯᠯᠠᠨ᠂ ︽3+1︾ ᠬᠠᠷᠢᠯᠴᠠᠨ | ᠬᠠᠪᠰᠤᠷᠤᠯᠴᠠᠵᠤ ᠬᠠᠮᠳᠤ ᠪᠠᠷ ᠪᠠᠶᠢᠭᠤᠯᠬᠤ ᠨᠢᠭᠡᠴᠢ ᠶᠢ ᠢᠳᠡᠪᠬᠢᠳᠡᠢ ᠳᠡᠮᠡᠴᠡᠨ ᠤᠯᠵᠤ᠂ ᠭᠠᠴᠠᠭᠠᠨ ᠤ ᠨᠠᠮ ᠤᠨ | ᠡᠭᠦᠷ ᠳᠤᠰᠬᠤᠨ ᠤ ᠵᠥᠪᠯᠡᠯ ᠪᠤᠯᠤᠨ ᠮᠠᠯᠴᠢᠨ ᠳᠠᠷᠢᠶᠠᠴᠢᠨ ᠤ ᠥᠢᠯᠡᠭᠠᠯᠴᠠᠭᠠ ᠳᠡᠮᠵᠢᠯᠭᠡ ᠶᠢ ᠤᠯᠤᠭᠰᠠᠨ ᠤ | ᠰᠠᠭᠤᠷᠢᠨ ᠳᠡᠭᠡᠷ᠎ᠠ ᠥᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠭᠦᠨ ᠺᠠᠳ᠋ᠷ ᠤᠨ | ᠪᠠᠶᠠᠵᠢᠭᠤᠯᠤᠨ ᠳᠠᠶᠢᠴᠢᠯᠠᠬᠤ ᠥᠢᠯᠡᠳᠤᠯ ᠢ ᠶᠡᠭᠡ ᠪᠠᠷ ᠳᠡᠭᠡᠭᠰᠢᠯᠡᠭᠦᠯᠥᠨ᠂ ︽ᠨᠠᠮ ᠤᠨ ᠡᠭᠦᠷ + ᠬᠤᠷᠰᠢᠶ᠎ᠠ + | ᠮᠠᠯᠴᠢᠨ ᠳᠠᠷᠢᠶᠠᠴᠢᠨ ᠡᠷᠤᠬᠡ︾᠂ ︽ᠨᠠᠮ ᠤᠨ ᠭᠡᠰᠢᠭᠦᠨ ᠤ ᠭᠤᠤᠯᠯᠠᠭᠴᠢ ᠡᠷᠤᠬᠡ + ᠮᠠᠯᠴᠢᠨ ᠳᠠᠷᠢᠶᠠᠴᠢᠨ ᠡᠷᠤᠬᠡ | ︾᠂ ︽ᠨᠠᠮ ᠤᠨ ᠭᠡᠰᠢᠭᠦᠨ ᠺᠠᠳ᠋ᠷ + ᠶᠠᠳᠠᠭᠤ ᠬᠥᠴᠢᠷᠳᠡᠢ ᠡᠷᠤᠬᠡ︾ ᠵᠡᠷᠭᠡ ᠵᠠᠭᠪᠤᠷ ᠢ ᠰᠥᠪᠡᠭᠴᠢᠯᠡᠨ | ᠳᠡᠯᠭᠡᠷᠡᠭᠦᠯᠵᠤ᠂ ᠨᠠᠮ ᠤᠨ ᠡᠭᠦᠷ ᠢ ᠠᠵᠤ ᠠᠬᠤᠢ ᠶᠢᠨ ᠬᠡᠯᠬᠢᠶᠡᠵᠢᠯ ᠲᠠᠢ ᠨᠢᠭᠳᠠ ᠠᠭᠤᠰᠤᠯᠴᠠᠭᠤᠯᠵᠤ᠂ ᠨᠠᠮ ᠤᠨ | ᠪᠠᠶᠢᠭᠤᠯᠤᠯᠳᠠ ᠶᠢᠨ ᠥᠢᠯᠡᠳᠪᠤᠷᠢᠯᠡᠯ ᠤᠨ ᠬᠥᠴᠤᠨ ᠢ ᠥᠨᠡᠨ ᠬᠦ ᠪᠠᠳᠠᠷᠠᠭᠤᠯᠤᠭᠰᠠᠨ ᠪᠠᠶᠢᠨ᠎ᠠ᠃ | ᠠᠵᠤ ᠥᠢᠯᠡᠰ ᠢ ᠬᠥᠭᠵᠢᠭᠦᠯᠬᠦ ᠬᠤᠷᠳᠤᠴᠠ ᠶᠢ ᠨᠡᠮᠡᠭᠳᠡᠭᠦᠯᠪᠡ | ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠳᠡᠳᠬᠦᠬᠦ ᠠᠵᠢᠯ ᠢ ᠥᠷᠨᠢᠭᠦᠯᠥᠭᠰᠡᠨ ᠠᠴᠠ ᠨᠠᠭᠠᠰᠢ᠂ | ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠ ᠭᠠᠴᠠᠭᠠᠨ ᠤ ᠨᠠᠮ ᠤᠨ ᠡᠭᠦᠷ ᠳᠤᠰᠬᠤᠨ ᠤ ᠵᠥᠪᠯᠡᠯ ᠨᠢ ᠭᠤᠤᠯ | ᠡ᠊ᠩᠨᠡᠭᠡᠨ ᠤ ᠬᠥᠴᠤᠨ ᠢ ᠭᠥᠢᠴᠡᠳ ᠪᠠᠳᠠᠷᠠᠭᠤᠯᠤᠨ᠂ ᠬᠠᠮᠳᠤ ᠪᠠᠷ ᠠᠵᠢᠯᠯᠠᠨ ᠬᠠᠮᠳᠤ ᠪᠠᠷ ᠴᠢᠷᠮᠠᠶᠢᠵᠤ᠂ ᠬᠥᠳᠡᠭᠡ | ᠳᠤᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠥᠨᠵᠡᠭᠡᠢ ᠬᠡᠷᠡᠭᠵᠢᠭᠦᠯᠥᠨ᠂ ᠬᠥᠳᠡᠭᠡ ᠳᠤᠰᠬᠤᠨ ᠤ | ᠵᠤᠭᠠᠴᠠᠯ ᠢ ᠬᠥᠭᠵᠢᠬᠦᠯᠬᠦ ᠶᠢ ᠶᠠᠳᠠᠭᠤ ᠬᠥᠴᠢᠷᠳᠡᠯᠳᠡᠢ ᠬᠥᠮᠥᠰ ᠤᠨ ᠤᠷᠤᠯᠭ᠎ᠠ ᠶᠢ ᠨᠡᠮᠡᠭᠳᠡᠭᠦᠯᠵᠤ ᠪᠠᠶᠠᠵᠢᠭᠤᠯᠬᠤ ᠪᠠ | ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠶᠢ ᠠᠬᠢᠭᠤᠯᠬᠤ ᠪᠥᠳᠤᠮᠵᠢᠳᠡᠢ ᠠᠷᠭ᠎ᠠ ᠪᠤᠯᠭᠠᠵᠤ᠂ ᠠᠵᠤ | ᠥᠢᠯᠡᠰ ᠢᠶᠠᠷ ᠬᠥᠭᠵᠢᠯᠳᠡ ᠶᠢ ᠠᠬᠢᠭᠤᠯᠵᠤ᠂ ᠵᠤᠭᠠᠴᠠᠯ ᠢᠶᠠᠷ ᠠᠵᠢᠯ ᠤᠯᠭᠤᠯᠳᠠ ᠶᠢ ᠳᠠᠭᠠᠭᠤᠯᠤᠨ᠂ ᠬᠥᠳᠡᠭᠡ | ᠳᠤᠰᠬᠤᠨ ᠤ ᠵᠤᠭᠠᠴᠠᠯ ᠬᠦ᠋ᠭᠵᠢᠯᠳᠡ ᠶᠢᠨ ᠴᠢᠨᠠᠷ ᠪᠠ ᠥᠢᠯᠡᠴᠢᠯᠡᠭᠡᠨ ᠤ ᠬᠢᠷᠢ ᠲᠥᠪᠰᠢᠨ ᠢ ᠪᠥᠬᠦ ᠳᠠᠯ᠎ᠠ ᠪᠠᠷ | ᠳᠡᠭᠡᠭᠰᠢᠯᠡᠭᠦᠯᠪᠠ᠃ | ᠳᠠᠷᠢᠶᠠᠯᠠᠩ ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠵᠤ ᠥᠷ᠎ᠠ ᠠᠰᠢᠭ ᠢ ᠨᠡᠮᠡᠭᠳᠡᠭᠦᠯᠬᠦ ᠳᠠᠯ᠎ᠠ ᠪᠠᠷ᠂ | ᠮᠠᠯ ᠠᠵᠤ ᠠᠬᠤᠢ ᠶᠢᠨ ᠠᠵᠤ ᠥᠢᠯᠡᠰᠵᠢᠭᠦᠯᠥᠯᠳᠡ ᠶᠢᠨ ᠠᠬᠢᠴᠠ ᠶᠢ ᠲᠥᠷᠭᠡᠳᠬᠡᠵᠤ᠂ ᠲᠡᠵᠢᠭᠡᠨ ᠥᠷᠡᠵᠢᠭᠦᠯᠬᠦ | ᠤᠨᠴᠠᠯᠢᠬᠳᠤ ᠠᠵᠤ ᠥᠢᠯᠡᠰ ᠢ ᠬᠡᠪᠴᠢᠶᠡᠵᠢᠭᠦᠯᠥᠨ ᠬᠥᠭᠵᠢᠭᠦᠯᠵᠤ᠂ ᠤᠷᠳᠤᠰ ᠤᠨ ᠨᠠᠷᠢᠨ ᠨᠤᠤᠰᠤᠳᠤ ᠬᠤᠨᠢᠨ ᠤ | ᠲᠡᠵᠢᠭᠡᠨ ᠥᠷᠡᠵᠢᠭᠦᠯᠬᠦ ᠭᠤᠤᠯ ᠤᠷᠤᠨ ᠪᠥᠰᠡ ᠶᠢᠨ ᠳᠠᠪᠠᠭᠤᠯᠢᠭ ᠲᠤ ᠲᠥᠰᠢᠭᠯᠡᠨ᠂ ︽ᠬᠤᠰᠢᠶᠠᠩᠭᠤᠷ ᠢᠶᠠᠷ | ᠳᠡᠵᠢᠭᠡᠭᠰᠡᠨ ᠭᠠᠭ᠋ᠠᠢ︾᠂ ︽ᠰᠢᠯᠢ ᠭᠠᠵᠠᠷ ᠤᠨ ᠬᠤᠨᠢ︾ ᠵᠡᠷᠭᠡ ᠲᠡᠵᠢᠭᠡᠨ ᠥᠷᠡᠵᠢᠭᠦᠯᠬᠦ ᠤᠨᠴᠠᠯᠢᠬᠳᠤ ᠠᠵᠤ | ᠥᠢᠯᠡᠰ ᠢ ᠬᠥᠭᠵᠢᠭᠦᠯᠥᠨ᠂ ᠴᠢᠨᠠᠷ ᠰᠠᠶᠢᠳᠡᠢ ᠥᠬᠡᠷ᠂ ᠬᠤᠨᠢ ᠢᠮᠠᠭ᠎ᠠ᠂ ᠭᠠᠭ᠋ᠠᠢ᠂ ᠵᠢᠭᠦᠷᠳᠡᠨ ᠢ ᠳᠡᠵᠢᠭᠡᠬᠦ | ᠬᠡᠮᠵᠢᠶ᠎ᠠ ᠶᠢ ᠥᠷᠭᠡᠳᠬᠡᠵᠤ᠂ ᠲᠥᠮᠡᠨ ᠳᠤᠯᠤᠭᠠᠢ ᠳᠠᠯ᠎ᠠ ᠨᠤᠳᠤᠭ ᠤᠨ ᠤᠯᠠᠭᠠᠨ ᠥᠬᠡᠷ ᠢ ᠲᠡᠵᠢᠭᠡᠨ ᠥᠷᠡᠵᠢᠭᠦᠯᠬᠦ | ᠰᠠᠭᠤᠷᠢᠨ ᠭᠠᠵᠠᠷ ᠤᠨ ᠪᠥᠳᠤᠭᠡᠨ ᠪᠠᠶᠢᠭᠤᠯᠤᠯᠳᠠ ᠶᠢ ᠲᠥᠷᠭᠡᠳᠬᠡᠪᠡ᠃ ᠤᠳᠤᠬᠠᠨ ᠳᠤ᠂ ᠪᠥᠬᠦ ᠭᠠᠴᠠᠭᠠᠨ ᠳᠤ | 60 ᠠᠴᠠ ᠲᠡᠭᠡᠭᠰᠢ ᠥᠬᠡᠷ ᠲᠡᠵᠢᠭᠡᠭᠰᠡᠨ ᠬᠡᠪᠴᠢᠶᠡᠵᠢᠯ ᠲᠠᠢ ᠡᠷᠤᠬᠡ 35 ᠪᠠᠶᠢᠵᠤ᠂ 2020 ᠤᠨ ᠪᠤᠯᠬᠤ ᠳᠤ | ᠳᠠᠷᠢᠵᠤ ᠳᠡᠵᠢᠭᠡᠨ ᠥᠷᠡᠵᠢᠭᠦᠯᠬᠦ ᠲᠤᠮᠤ ᠡᠷᠤᠬᠡ ᠶᠢ 50 ᠪᠤᠯᠭᠠᠵᠤ᠂ ᠭᠡᠷ ᠪᠥᠯᠢ ᠶᠢᠨ ᠮᠠᠯᠵᠢᠯ ᠤᠨ ᠳᠠᠯᠠᠪᠠᠢ ᠶᠢ | 50 ᠡᠷᠤᠬᠡ ᠪᠤᠯᠭᠠᠬᠤ ᠪᠠᠷ ᠲᠥᠯᠥᠪᠯᠡᠵᠤ ᠪᠤᠢ᠃ ᠰᠤᠶᠤᠯ ᠵᠤᠭᠠᠴᠠᠯ ᠤᠨ ᠡᠬᠢ ᠪᠠᠶᠠᠯᠢᠭ ᠲᠤ ᠲᠥᠰᠢᠭᠯᠡᠨ᠂ | ᠬᠥᠳᠡᠭᠡ ᠳᠤᠰᠬᠤᠨ ᠤ ᠵᠤᠭᠠᠴᠠᠯ ᠢ ᠬᠥᠭᠵᠢᠭᠦᠯᠵᠤ᠂ ᠤᠩᠭᠤᠨ ᠮᠠᠩᠬ᠎ᠠ᠂ ᠴᠠᠬᠢᠷᠮ᠎ᠠ ᠴᠡᠴᠡᠭ ᠤᠨ ᠭᠡᠷᠡᠯ ᠵᠢᠷᠤᠭ ᠤᠨ | ᠰᠠᠭᠤᠷᠢᠨ ᠵᠡᠷᠭᠡ ᠥᠵᠡᠮᠵᠢ ᠶᠢᠨ ᠡᠬᠢ ᠪᠠᠶᠠᠯᠢᠭ ᠢ ᠠᠮᠢᠳᠤᠯᠢᠬᠵᠢᠭᠤᠯᠤᠨ ᠠᠰᠢᠭᠯᠠᠵᠤ ᠪᠠᠶᠢᠭᠠᠳ ᠴᠠᠬᠢᠷᠮ᠎ᠠ ᠴᠡᠴᠡᠭ | ᠵᠤᠭᠠᠴᠠᠯ ᠰᠤᠶᠤᠯ ᠤᠨ ᠨᠠᠶᠢᠷ᠂ ᠤᠩᠭᠤᠨ ᠮᠠᠩᠬ᠎ᠠ ᠬᠡᠬᠡᠷ᠎ᠠ ᠳᠠᠪᠬᠢᠵᠤ ᠠᠶᠠᠯᠠᠬᠤ᠂ ᠮᠤᠷᠢᠨ ᠰᠤᠶᠤᠯ ᠤᠨ ᠳᠤᠭᠯᠠᠯᠳᠠ | ᠵᠡᠷᠭᠡ ᠠᠵᠢᠯᠯᠠᠭ᠎ᠠ ᠶᠢ ᠡᠷᠬᠢᠯᠡᠪᠡ᠃ ︽ᠮᠠᠯᠴᠢᠨ ᠳᠠᠷᠢᠶᠠᠴᠢᠨ ᠠᠶᠢᠯ ᠤᠨ ᠪᠠᠶᠠᠰᠤᠯ — ᠰᠢᠶᠠᠩ ᠳᠤᠰᠬᠤᠨ ᠤ | ᠵᠤᠭᠠᠴᠠᠯ — ᠬᠥᠳᠡᠭᠡ ᠪᠠᠷ ᠰᠡᠯᠡᠭᠦᠴᠡᠡ ᠵᠤᠰᠠᠯᠠᠬᠤ︾ ᠵᠤᠭᠠᠴᠠᠯ ᠤᠨ ᠬᠡᠯᠪᠡᠷᠢ ᠶᠢ ᠶᠡᠭᠡ ᠪᠠᠷ ᠬᠥᠭᠵᠢᠭᠦᠯᠵᠤ᠂ | ᠵᠤᠭᠠᠴᠠᠯ ᠤᠨ ᠵᠤᠴᠢᠯᠠᠭ᠎ᠠ ᠡᠷᠭᠢᠯᠡᠭᠰᠡᠨ ᠡᠷᠤᠬᠡ ᠶᠢᠨ ᠵᠢᠯ ᠳᠤᠮᠳᠠᠴᠢ ᠶᠢᠨ ᠤᠷᠤᠯᠭ᠎ᠠ ᠶᠢ 2000 ᠲᠥᠭᠦᠷᠢᠭ | ᠢᠯᠡᠭᠦᠥ ᠨᠡᠮᠡᠭᠳᠡᠭᠦᠯᠵᠤ᠂ ᠮᠠᠯᠴᠢᠨ ᠳᠠᠷᠢᠶᠠᠴᠢᠳ ᠤᠨ ᠪᠠᠶᠠᠵᠢᠯ ᠤᠨ ᠵᠠᠮ ᠢ ᠥᠷᠭᠡᠳᠬᠡᠭᠰᠡᠨ ᠪᠠᠶᠢᠨ᠎ᠠ᠃ | ᠥᠨᠳᠤᠰᠤᠳᠡᠨ ᠤ ᠭᠠᠷ ᠤᠷᠠᠯᠠᠯ ᠤᠨ ᠠᠵᠤ ᠥᠢᠯᠡᠰ ᠢ ᠶᠡᠭᠡ ᠪᠠᠷ ᠬᠥᠭᠵᠢᠭᠦᠯᠵᠤ᠂ ︽ᠥᠤᠰᠢᠨ ᠭᠠᠷ | ᠤᠷᠠᠯᠠᠯ︾ ᠤᠨ ᠡᠬᠢ ᠡᠭᠦᠰᠥᠯᠳᠡ ᠶᠢᠨ ᠤᠷᠤᠨ ᠢᠶᠠᠷ ᠰᠢᠪᠳᠤᠯᠤᠯᠳᠠ ᠪᠤᠯᠭᠠᠵᠤ᠂ ᠭᠠᠴᠠᠭᠠᠨ ᠤ 80% ᠶᠢᠨ | ᠮᠠᠯᠴᠢᠨ ᠳᠠᠷᠢᠶᠠᠴᠢᠨ ᠥᠨᠳᠤᠰᠤᠳᠡᠨ ᠤ ᠤᠯᠠᠮᠵᠢᠯᠠᠯᠳᠤ ᠢᠳᠡᠭᠡᠨ ᠤᠮᠳᠠᠭᠠᠨ ᠬᠢᠵᠤ ᠴᠢᠳᠠᠬᠤ᠂ 10% ᠶᠢᠨ | ᠮᠠᠯᠴᠢᠨ ᠳᠠᠷᠢᠶᠠᠴᠢᠨ ᠤᠯᠠᠮᠵᠢᠯᠠᠯᠳᠤ ᠭᠠᠷ ᠤᠷᠠᠯᠠᠯ ᠤᠨ ᠮᠡᠷᠭᠡᠵᠢᠯ ᠲᠠᠢ ᠪᠠᠶᠢᠬᠤ ᠶᠢ ᠠᠰᠢᠭᠯᠠᠨ ᠠᠷᠠᠰᠤᠨ ᠡᠳ᠋ᠯᠡᠯ᠂ | ᠥᠨᠳᠤᠰᠤᠳᠡᠨ ᠤ ᠬᠤᠪᠴᠠᠰᠤ ᠵᠠᠰᠠᠯ᠂ ᠤᠷᠠᠨ ᠬᠠᠳᠬᠤᠮᠠᠯ ᠰᠡᠶᠢᠯᠤᠮᠡᠯ ᠵᠡᠷᠭᠡ ᠭᠠᠷ ᠤᠷᠠᠯᠠᠯ ᠤᠨ ᠪᠥᠳᠥᠭᠡᠭᠳᠡᠭᠦᠨ ᠢ | ᠬᠥᠭᠵᠢᠭᠦᠯᠵᠤ᠂ ᠮᠠᠯᠴᠢᠨ ᠳᠠᠷᠢᠶᠠᠴᠢᠳ ᠤᠨ ᠭᠠᠷ ᠲᠠᠬᠢ ᠰᠤᠶᠤᠯ ᠤᠨ ᠡᠬᠢ ᠪᠠᠶᠠᠯᠢᠭ ᠢ ᠤᠷᠤᠯᠭ᠎ᠠ ᠪᠤᠯᠭᠠᠨ | ᠬᠤᠪᠢᠷᠠᠭᠤᠯᠪᠠ᠃ ᠡᠭᠦᠨ ᠤ ᠬᠠᠮᠳᠤ᠂ ᠪᠥᠳᠥᠭᠡᠭᠳᠡᠭᠦᠨ ᠢᠶᠠᠨ ᠰᠥᠯᠵᠢᠶᠡᠨ ᠳᠡᠭᠡᠷ᠎ᠠ ᠳᠡᠯᠭᠡᠨ ᠥᠵᠡᠭᠦᠯᠵᠤ | ᠪᠤᠷᠤᠯᠠᠭᠤᠯᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ ᠤᠩᠭᠤᠨ ᠳᠠᠯ᠎ᠠ ᠬᠤᠷᠰᠢᠶᠠᠵᠢᠯ ᠵᠡᠷᠬᠡ 3 | ᠬᠤᠷᠰᠢᠶᠠᠵᠢᠯ ᠢ ᠪᠠᠶᠢᠭᠤᠯᠵᠤ᠂ ᠡᠯᠧᠺᠲᠷᠤᠨ ᠬᠤᠳᠠᠯᠳᠤᠭᠠᠨ ᠤ ᠳᠠᠪᠴᠠᠩ ᠭᠠᠷᠭᠠᠵᠤ ᠪᠤᠷᠤᠯᠠᠭᠤᠯᠤᠯᠳᠠ ᠪᠠᠨ | ᠥᠷᠭᠡᠳᠬᠡᠪᠡ᠃ | ᠭᠠᠴᠠᠭᠠᠨ ᠤ ᠨᠡᠶᠢᠳᠡ ᠶᠢᠨ ᠠᠵᠤ ᠠᠬᠤᠢ ᠶᠢ ᠰᠠᠶᠢᠳᠤᠷ ᠬᠥᠭᠵᠢᠭᠦᠯᠵᠤ᠂ ᠤᠷᠳᠤᠰ ᠤᠨ ᠡᠳᠤᠷ ᠤᠨ | ᠰᠤᠨᠢᠨ ᠤ ᠬᠤᠷᠢᠶᠠᠨ ᠤ ᠨᠠᠮ ᠤᠨ ᠬᠤᠷᠢᠶ᠎ᠠ ᠪᠤᠯᠤᠨ ᠥᠤᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ | ᠭᠡᠷ ᠤᠨ ᠢᠳᠡᠪᠬᠢᠳᠡᠢ ᠬᠠᠷᠢᠯᠴᠠᠬᠤ ᠪᠠᠷ ᠳᠠᠮᠵᠢᠨ᠂ 300 ᠲᠥᠮᠡᠨ ᠲᠥᠭᠦᠷᠢᠭ ᠤᠨ ᠪᠡᠯᠡ ᠤᠷᠤᠭᠤᠯᠤᠭᠰᠠᠨ | ᠪᠠᠶᠠᠨᠭᠤᠤᠯ ᠭᠠᠴᠠᠭᠠᠨ ᠤ ᠰᠢᠪᠡᠷᠢ ᠪᠤᠯᠠᠭ ᠤᠨ ᠤᠰᠤᠨ ᠤ ᠥᠢᠯᠡᠳᠪᠤᠷᠢ ᠶᠢᠨ ᠲᠥᠷᠥᠯ ᠵᠥᠢᠯ ᠪᠥᠬᠦ ᠳᠠᠯ᠎ᠠ ᠪᠠᠷ | ᠡᠬᠢᠯᠡᠵᠤ᠂ 2019 ᠤᠨ ᠳᠤ ᠠᠰᠢᠭᠯᠠᠯᠳᠠ ᠳᠤ ᠤᠷᠤᠭᠤᠯᠵᠤ᠂ ᠵᠢᠯ ᠳᠤ 100 ᠭᠠᠷᠤᠢ ᠲᠥᠮᠡᠨ ᠰᠠᠭᠤᠯᠠᠭ᠎ᠠ | ᠤᠰᠤ ᠥᠢᠯᠡᠳᠪᠤᠷᠢᠯᠡᠨ᠂ ᠵᠢᠯ ᠤᠨ ᠤᠷᠤᠯᠭ᠎ᠠ 50 ᠲᠥᠮᠡᠨ ᠲᠥᠭᠦᠷᠢᠭ ᠠᠴᠠ ᠳᠠᠪᠠᠭ᠋ᠤ ᠪᠠᠷ ᠲᠥᠰᠥᠪᠯᠡᠵᠤ᠂ | ᠭᠠᠴᠠᠭᠠᠨ ᠤ ᠨᠡᠶᠢᠳᠡ ᠶᠢᠨ ᠠᠵᠤ ᠠᠬᠤᠢ ᠶᠢᠨ ᠠᠮᠢᠵᠢᠷᠠᠯ ᠢ ᠲᠡᠭᠡᠭᠰᠢᠯᠡᠭᠦᠯᠦᠭᠰᠡᠨ ᠪᠠᠶᠢᠨ᠎ᠠ᠃ | ᠠᠷᠠᠳ ᠤᠨ ᠠᠮᠢᠳᠤᠷᠠᠯ ᠤᠨ ᠰᠢᠨ᠎ᠠ ᠢᠷᠡᠭᠡᠳᠤᠢ ᠶᠢ ᠵᠢᠷᠤᠭᠯᠠᠪᠠ | ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠ ᠭᠠᠴᠠᠭᠠᠨ ᠤ ᠨᠠᠮ ᠤᠨ ᠡᠭᠦᠷ ᠳᠤᠰᠬᠤᠨ ᠤ ᠵᠥᠪᠯᠡᠯ ᠨᠢ | ᠠᠷᠠᠳ ᠤᠨ ᠠᠮᠢᠳᠤᠷᠠᠯ ᠤᠨ ᠪᠥᠳᠤᠭᠡᠨ ᠪᠠᠶᠢᠭᠤᠯᠤᠯᠳᠠ ᠶᠢᠨ ᠳᠤᠭᠤᠷᠢᠨ ᠳᠤ ᠬᠥᠭᠵᠢᠯᠳᠡ ᠪᠠᠨ ᠠᠬᠢᠭᠤᠯᠵᠤ᠂ | ᠪᠠᠶᠠᠨᠭᠤᠤᠯ ᠭᠠᠴᠠᠭ᠎ᠠ ᠪᠠᠷ ᠭᠤᠤᠯ ᠪᠤᠯᠭᠠᠨ᠂ ᠶᠠᠳᠠᠭᠤ ᠶᠢᠨ ︽ᠡᠪᠡᠳᠴᠢᠨ︾ ᠤ ᠥᠨᠳᠤᠰᠤ ᠶᠢ ᠡᠷᠢᠵᠤ᠂ ︽ | ᠡᠪᠡᠳᠴᠢᠨ ᠳᠤᠨᠢ ᠳᠠᠭᠠᠷᠠᠭᠤᠯᠤᠨ ᠡᠮ ᠥᠭᠬᠦ︾᠂ ᠠᠵᠤ ᠥᠢᠯᠡᠰ ᠢᠶᠠᠷ ᠶᠠᠳᠠᠭᠤ ᠶᠢ ᠳᠡᠳᠬᠦᠬᠦ᠂ ᠨᠡᠭᠦᠯᠭᠡᠨ | ᠰᠢᠯᠵᠢᠭᠦᠯᠵᠤ ᠶᠠᠳᠠᠭᠤ ᠶᠢ ᠳᠡᠳᠬᠦᠬᠦ ᠵᠡᠷᠭᠡ ᠠᠵᠢᠯ ᠢ ᠪᠥᠬᠦ ᠳᠠᠯ᠎ᠠ ᠪᠠᠷ ᠠᠬᠢᠭᠤᠯᠵᠤ᠂ ᠶᠠᠳᠠᠭᠤ ᠬᠥᠴᠢᠷᠳᠡᠯᠳᠡᠢ | ᠤᠯᠠᠨ ᠲᠥᠮᠡᠨ ᠤ ᠥᠪᠡᠷ ᠤᠨ ᠬᠢᠨᠢ ᠴᠢᠳᠠᠪᠤᠷᠢ ᠶᠢ ᠳᠠᠰᠤᠷᠠᠯᠳᠠ ᠥᠭᠡᠢ ᠳᠡᠭᠡᠭᠰᠢᠯᠡᠭᠦᠯᠪᠡ᠃ ︽ᠵᠤᠷᠢᠭ ᠢᠶᠠᠷ | ᠳᠡᠳᠬᠦᠬᠦ᠂ ᠤᠶᠤᠨ ᠤᠬᠠᠭᠠᠨ ᠢᠶᠠᠷ ᠳᠡᠳᠬᠦᠬᠦ᠂ ᠮᠡᠷᠭᠡᠵᠢᠯ ᠢᠶᠠᠷ ᠳᠡᠳᠬᠦᠬᠦ︾ ᠤᠯᠠᠨ ᠳᠠᠯ᠎ᠠ ᠶᠢᠨ ᠶᠠᠳᠠᠭᠤ ᠶᠢ | ᠳᠡᠳᠬᠦᠬᠦ ᠠᠷᠭ᠎ᠠ ᠵᠠᠮ ᠢ ᠡᠷᠢᠯᠬᠢᠯᠡᠨ᠂ ᠮᠠᠯᠴᠢᠨ ᠳᠠᠷᠢᠶᠠᠴᠢᠨ ᠤ ᠬᠥᠴᠢᠷ ᠲᠥᠪᠡᠭᠳᠡᠢ ᠠᠰᠠᠭᠤᠳᠠᠯ ᠢ ᠨᠢ | ᠰᠢᠢᠳᠪᠤᠷᠢᠯᠡᠵᠤ᠂ 22 ᠡᠷᠤᠬᠡ 45 ᠮᠠᠯᠴᠢᠨ ᠳᠠᠷᠢᠶᠠᠴᠢᠨ ᠢ ᠶᠠᠳᠠᠭᠤ ᠠᠴᠠ ᠠᠩᠬᠢᠵᠢᠷᠠᠭᠤᠯᠤᠭᠠᠳ᠂ ᠶᠠᠳᠠᠭᠤ | ᠡᠷᠤᠬᠡ ᠪᠥᠷᠢ ᠴᠥᠮ 1 ᠲᠥᠷᠥᠯ ᠠᠴᠠ ᠳᠡᠭᠡᠭᠰᠢ ᠬᠠᠷᠢᠴᠠᠩᠭᠤᠢ ᠳᠤᠭᠳᠠᠪᠤᠷᠢᠳᠡᠢ ᠤᠷᠤᠯᠭ᠎ᠠ ᠨᠡᠮᠡᠭᠳᠡᠭᠦᠯᠬᠦ ᠠᠵᠤ | ᠥᠢᠯᠡᠰ ᠪᠠᠶᠢᠬᠤ ᠶᠢ ᠪᠠᠳᠤᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠴᠢᠨᠠᠷ ᠢ ᠤᠯᠠᠮ | ᠰᠠᠶᠢᠵᠢᠷᠠᠭᠤᠯᠪᠠ᠃ | ᠥᠵᠡᠰᠭᠦᠯᠡᠩᠳᠤ ᠰᠠᠶᠢᠬᠠᠨ ᠬᠥᠳᠡᠭᠡ ᠳᠤᠰᠬᠤᠨ ᠤ ᠪᠥᠳᠤᠭᠡᠨ ᠪᠠᠶᠢᠭᠤᠯᠤᠯᠳᠠ ᠶᠢ ᠲᠥᠷᠭᠡᠨ ᠠᠬᠢᠭᠤᠯᠵᠤ᠂ | ᠬᠥᠳᠡᠭᠡ ᠳᠤᠰᠬᠤᠨ ᠢ ᠬᠥᠭᠵᠢᠭᠦᠯᠥᠨ ᠮᠠᠨᠳᠤᠭᠤᠯᠬᠤ ᠥᠯᠢᠭᠡᠷ ᠵᠢᠱᠢᠶ᠎ᠠ ᠶᠢ ᠪᠤᠢ ᠪᠤᠯᠭᠠᠵᠤ᠂ ᠨᠡᠶᠢᠳᠡ 167 | ᠡᠷᠤᠬᠡ ᠶᠢᠨ ᠨᠤᠷᠠᠬᠤ ᠠᠶᠤᠯᠳᠡᠢ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 249 ᠡᠷᠤᠬᠡ ᠶᠢᠨ ᠭᠡᠷ ᠢ ᠰᠡᠯᠪᠢᠨ | ᠵᠠᠰᠠᠵᠤ᠂ 383 ᠡᠷᠤᠬᠡ ᠶᠢᠨ ᠠᠶᠤᠯᠭᠦᠢ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠵᠤ᠂ 98 ᠡᠷᠤᠬᠡ ᠶᠢᠨ | ᠵᠤᠷᠯᠤᠩ ᠢ ᠰᠡᠯᠪᠢᠨ ᠵᠠᠰᠠᠪᠠ᠃ 42 ᠺᠢᠯᠦᠮᠧᠲᠷ ᠤᠨ ᠵᠠᠰᠠᠮᠠᠯ ᠵᠠᠮ ᠢ ᠰᠢᠨ᠎ᠠ ᠪᠠᠷ ᠵᠠᠰᠠᠵᠤ᠂ ᠭᠠᠴᠠᠭ᠎ᠠ ᠠᠴᠠ | ᠮᠠᠯᠵᠢᠯ ᠤᠨ ᠬᠤᠷᠰᠢᠶ᠎ᠠ ᠳᠤ ᠨᠡᠪᠳᠡᠷᠡᠭᠰᠡᠨ ᠵᠠᠮ ᠢ ᠰᠢᠭᠤᠳ ᠰᠢᠯᠤᠭᠤᠨ ᠪᠤᠯᠭᠠᠪᠠ᠃ ᠲᠠᠷᠢᠶᠠᠯᠠᠩ ᠮᠠᠯ ᠠᠵᠤ | ᠠᠬᠤᠢ ᠶᠢᠨ ᠰᠠᠭᠤᠷᠢ ᠲᠤᠨᠤᠭ ᠲᠥᠬᠦᠭᠡᠷᠤᠮᠵᠢ ᠶᠢ ᠪᠥᠷᠢᠨᠰᠢᠭᠦᠯᠵᠤ᠂ ᠠᠷᠪᠢᠳᠡᠢ ᠤᠰᠤᠯᠠᠯᠳᠠ ᠶᠢᠨ ᠨᠤᠷᠮ᠎ᠠ ᠶᠢ | 100% ᠳᠤ ᠬᠥᠷᠭᠡᠵᠤ᠂ ᠬᠠᠰᠢᠶ᠎ᠠ ᠰᠠᠷᠠᠪᠴᠢ ᠶᠢ ᠪᠠᠷᠢᠮᠵᠢᠶᠠᠵᠢᠭᠤᠯᠤᠭᠰᠠᠨ ᠨᠤᠷᠮ᠎ᠠ ᠶᠢ 100% ᠳᠤ ᠬᠥᠷᠭᠡᠪᠡ᠃ | 96 ᠺᠢᠯᠦᠮᠧᠲᠷ ᠤᠨ ᠥᠨᠳᠤᠷ ᠪᠤᠭᠤᠨᠢ ᠬᠥᠴᠥᠳᠡᠯᠳᠤ ᠴᠠᠬᠢᠯᠭᠠᠨ ᠤᠳᠠᠰᠤᠨ ᠱᠤᠭᠤᠮ ᠢ ᠳᠠᠳᠠᠵᠤ᠂ 43 ᠰᠠᠭᠤᠷᠢ | ᠴᠠᠬᠢᠯᠭᠠᠨ ᠬᠥᠴᠥᠳᠡᠯ ᠬᠤᠪᠢᠰᠬᠠᠭᠤᠷ ᠤᠭᠰᠠᠷᠠᠭᠤᠯᠵᠤ᠂ ᠷᠠᠳᠢᠣ᠋ ᠲᠧᠯᠸᠢᠰ ᠴᠢᠮᠡᠭᠡ ᠬᠤᠯᠪᠤᠭᠠᠨ ᠤ ᠳᠤᠯᠬᠢᠶᠠᠨ ᠢ | ᠪᠥᠬᠦᠨ ᠢ ᠪᠥᠷᠬᠦᠬᠦᠯᠵᠤ᠂ ︽ᠴᠡᠩᠬᠡᠷ ᠤᠭᠳᠠᠷᠭᠤᠢ᠂ ᠬᠥᠭᠡ ᠳᠠᠯ᠎ᠠ᠂ ᠴᠡᠩᠬᠡᠭ ᠤᠰᠤ᠂ ᠬᠤᠨᠢ ᠮᠠᠯ ᠳᠠᠯ᠎ᠠ | ᠲᠥᠭᠦᠷᠡᠩ ᠪᠡᠯᠴᠢᠵᠤ᠂ ᠭᠠᠴᠠᠭ᠎ᠠ ᠳᠤᠰᠬᠤᠨ ᠨᠢ ᠥᠩᠭᠡ ᠥᠵᠡᠮᠵᠢ ᠪᠠᠷ ᠪᠥᠷᠢᠳᠥᠭᠰᠡᠨ︾ ᠥᠵᠡᠰᠭᠦᠯᠡᠩᠳᠤ | ᠰᠠᠶᠢᠬᠠᠨ ᠵᠢᠷᠤᠭᠯᠠᠯ ᠨᠢ ᠬᠥᠮᠥᠰ ᠤᠨ ᠨᠢᠳᠤᠨ ᠡᠮᠤᠨ᠎ᠠ ᠳᠤᠷᠠᠶᠢᠨ᠎ᠠ᠃ | |