ᠲᠠᠷᠢᠶᠠᠯᠠᠩ ᠤᠨ ᠦᠢᠯᠡᠰ ᠤᠨ ᠮᠠᠰᠢᠨᠴᠢᠯᠠᠭᠰᠠᠨ᠂ ᠡᠷᠴᠢᠮᠵᠢᠭᠰᠡᠨ᠂ ᠲᠥᠪᠯᠡᠷᠡᠩᠬᠦᠢ ᠡᠵᠡᠩᠨᠡᠯᠳᠡ ᠶᠢᠨ | ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠬᠤ ᠶᠢᠨ ᠲᠦᠯᠦᠬᠡ ᠲᠤᠭ ᠪᠠᠯᠭᠠᠰᠤᠨ ᠤ ᠬᠤᠵᠢᠷᠳᠤ ᠲᠤᠰᠬᠤᠨ ᠤ ᠬᠢᠨ | ︽ᠨᠢᠭᠡ ᠡᠷᠤᠬᠡ ᠨᠢᠭᠡ ᠭᠡᠰᠡᠭ ᠲᠠᠷᠢᠶᠠᠨ ᠭᠠᠵᠠᠷ︾ ᠤᠨ ᠲᠦᠷᠦᠯ ᠵᠦᠢᠯ ᠢ ᠰᠡᠳᠤᠨ ᠬᠡᠷᠡᠭᠵᠢᠬᠦᠯᠤᠬᠡᠳ ᠲᠠᠷᠬᠠᠢ | ᠪᠤᠳᠠᠷᠬᠠᠢ ᠭᠠᠵᠠᠷ ᠰᠢᠷᠤᠢ ᠶᠢ ᠴᠤᠮᠬᠠᠳᠬᠠᠨ ᠨᠡᠶᠢᠯᠡᠬᠦᠯᠵᠦ ᠲᠠᠷᠢᠶᠠᠨ ᠭᠠᠵᠠᠷ ᠤᠨ ᠠᠰᠢᠭᠯᠠᠯᠳᠠ ᠶᠢᠨ ᠨᠤᠷᠮ᠎ᠠ ᠪᠠ | ᠮᠠᠰᠢᠨᠴᠢᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠤᠨ ᠲᠠᠷᠢᠶᠠᠴᠢᠳ ᠤᠨ ᠵᠠᠷᠤᠳᠠᠯ ᠢ ᠪᠠᠭᠠᠰᠬᠠᠵᠦ ᠣᠷᠤᠯᠭ᠎ᠠ ᠶᠢ | ᠨᠡᠮᠡᠭᠳᠡᠬᠦᠯᠬᠦ ᠵᠡᠷᠭᠡ ᠣᠯᠠᠨ ᠲᠠᠯ᠎ᠠ ᠳᠤ ᠠᠰᠢᠭᠳᠠᠢ ᠨᠥᠬᠦᠴᠡᠯ ᠢ ᠪᠦᠷᠢᠯᠳᠦᠬᠦᠯᠦᠭᠰᠡᠨ ᠪᠠᠶᠢᠨ᠎ᠠ᠃ | ︽ᠨᠢᠭᠡ ᠡᠷᠤᠬᠡ ᠨᠢᠭᠡ ᠭᠡᠰᠡᠭ ᠲᠠᠷᠢᠶᠠᠨ ᠭᠠᠵᠠᠷ︾ ᠬᠡᠳᠡᠭ ᠨᠢ ᠲᠤᠰᠬᠤᠨ ᠤ ᠠᠷᠠᠳ ᠰᠠᠶᠢᠨ ᠲᠤᠷ᠎ᠠ ᠠᠴᠠ | ᠪᠠᠨ ᠣᠷᠤᠯᠴᠠᠬᠤ ᠣᠷᠢᠳᠠᠯ ᠲᠤᠤᠷ᠎ᠠ ᠦᠪᠡᠷ ᠤᠨ ᠲᠠᠷᠬᠠᠢ ᠪᠤᠳᠠᠷᠬᠠᠢ ᠲᠠᠷᠢᠶᠠᠨ ᠭᠠᠵᠠᠷ ᠢ ᠲᠤᠰᠬᠤᠨ ᠤ ᠵᠥᠪᠯᠡᠯ | ᠤᠨ ᠠᠵᠢᠯ ᠤᠨ ᠲᠤᠭᠤᠶᠢᠯᠠᠩ ᠳᠤ ᠮᠡᠳᠡᠬᠦᠯᠵᠦ᠂ ᠲᠠᠬᠢᠨ ᠬᠡᠮᠵᠢᠨ ᠲᠤᠭᠳᠠᠭᠠᠵᠦ ᠴᠤᠮᠬᠠᠳᠬᠠᠨ ᠨᠡᠶᠢᠯᠡᠬᠦᠯᠬᠦ ᠪᠠᠷ | ᠲᠠᠮᠵᠢᠨ ᠣᠣᠯ ᠤᠨ ᠨᠢᠭᠡ ᠡᠷᠤᠬᠡ ᠶᠢᠨ ᠣᠯᠠᠨ ᠬᠡᠰᠡᠭ ᠲᠠᠷᠢᠶᠠᠨ ᠭᠠᠵᠠᠷ ᠪᠠᠶᠢᠭᠰᠠᠨ ᠢ ᠨᠢᠭᠡ ᠯᠡ ᠭᠡᠰᠡᠭ ᠲᠠᠷᠢᠶᠠᠨ | ᠭᠠᠵᠠᠷ ᠪᠤᠯᠭᠠᠨ ᠲᠠᠬᠢᠨ ᠲᠦᠯᠦᠪᠵᠢᠬᠦᠯᠤᠨ ᠰᠢᠨ᠎ᠡ ᠪᠠᠷ ᠬᠤᠪᠢᠶᠠᠨ ᠦᠭᠬᠦ ᠶᠢ ᠬᠡᠯᠡᠵᠦ ᠪᠤᠢ᠃ ᠬᠤᠵᠢᠷᠳᠤ | ᠲᠤᠰᠬᠤᠨ ᠨᠢ ᠬᠦᠮᠤᠨ ᠠᠮᠠ ᠤᠯᠠᠨ ᠲᠠᠷᠢᠶᠠᠨ ᠭᠠᠵᠠᠷ ᠪᠠᠭ᠎ᠠ ᠪᠦᠭᠡᠳ ᠣᠯᠠᠩᠬᠢ ᠠᠶᠢᠯ ᠤᠨ ᠲᠠᠷᠢᠶᠠᠨ ᠭᠠᠵᠠᠷ ᠨᠢ | ᠴᠦᠮ ᠲᠠᠷᠬᠠᠢ ᠪᠤᠳᠠᠷᠬᠠᠢ ᠣᠴᠢᠷ ᠠᠴᠠ ᠣᠳᠤᠬᠢᠴᠢᠯᠠᠭᠰᠠᠨ ᠲᠠᠷᠢᠶᠠᠯᠠᠩ ᠤᠨ ᠦᠢᠯᠡᠰ ᠢ ᠬᠦᠭᠵᠢᠬᠦᠯᠬᠦ ᠳᠤ ᠰᠠᠭᠠᠳ | ᠣᠴᠠᠷᠠᠭᠤᠯᠵᠠᠢ᠃ ᠡᠨᠡᠬᠦ ᠬᠦᠯᠢᠶᠡᠰᠣᠯᠡᠯ ᠢ ᠰᠢᠪᠳᠤᠯᠬᠤ ᠶᠢᠨ ᠲᠥᠯᠦᠬᠡ ᠡᠨᠡ ᠵᠢᠯ ᠬᠤᠵᠢᠷᠲᠤ ᠲᠤᠰᠬᠤᠨ ᠤ ᠬᠢᠨ | ᠠᠵᠢᠯ ᠤᠨ ᠰᠡᠳᠬᠢᠬᠦᠢ ᠪᠠᠨ ᠰᠢᠨᠡᠴᠢᠯᠡᠨ ᠦᠬᠡᠷᠡᠴᠢᠯᠡᠯᠳᠡ ᠬᠢᠭᠰᠡᠨ ᠰᠢᠨ᠎ᠡ ᠠᠷᠭ᠎ᠠ ᠠᠪᠴᠠᠯ ᠢ ᠠᠪᠴᠠᠢ᠃ ᠡᠨᠡᠬᠦ | ᠶᠠᠪᠤᠴᠠ ᠳᠤ ᠨᠢᠭᠡ ᠲᠠᠯ᠎ᠠ ᠪᠠᠷ ᠦᠩᠬᠡᠷᠡᠭᠰᠡᠨ ᠤ ᠲᠠᠷᠢᠶᠠᠨ ᠲᠠᠯᠠᠩ᠂ ᠲᠠᠷᠢᠶᠠᠨ ᠱᠠᠩ᠂ ᠣᠰᠤᠨ ᠰᠤᠪᠠᠭ ᠵᠡᠷᠭᠡ ᠶᠢ | ᠲᠡᠭᠰᠢᠯᠡᠨ ᠲᠠᠬᠢᠨ ᠠᠰᠢᠭᠯᠠᠭᠰᠠᠨ ᠠᠴᠠ ᠲᠠᠷᠢᠶᠠᠨ ᠭᠠᠵᠠᠷ ᠤᠨ ᠠᠰᠢᠭᠯᠠᠯᠳᠠ ᠶᠢᠨ ᠨᠤᠷᠮ᠎ᠠ ᠶᠢ 10% ᠣᠷᠴᠢᠮ | ᠲᠡᠭᠡᠭᠰᠢᠯᠡᠬᠦᠯᠵᠦ᠂ ᠲᠠᠷᠢᠶᠠᠴᠢᠳ ᠤᠨ ᠣᠷᠤᠯᠭ᠎ᠠ ᠶᠢ ᠨᠡᠮᠡᠭᠳᠡᠬᠦᠯᠦᠭᠰᠡᠨ ᠢᠶᠠᠷ ᠪᠠᠷᠠᠬᠤ ᠦᠭᠡᠢ ᠲᠠᠷᠢᠶᠠᠯᠠᠩ ᠤᠨ | ᠦᠢᠯᠡᠰ ᠤᠨ ᠬᠡᠪᠴᠢᠶᠡᠵᠢᠭᠰᠡᠨ ᠲᠥᠪᠯᠡᠷᠡᠩᠬᠦᠢ ᠡᠵᠡᠩᠨᠡᠯᠳᠡ ᠶᠢ ᠪᠡᠶᠡᠯᠡᠬᠦᠯᠦᠭᠰᠡᠨ ᠢᠶᠠᠷ ᠲᠡᠳᠡᠨ ᠤ ᠦᠢᠯᠡᠳᠪᠦᠷᠢᠯᠡᠯ | ᠤᠨ ᠬᠦᠴᠦᠨ ᠢ ᠴᠤ ᠴᠢᠯᠦᠬᠡᠯᠡᠭᠰᠡᠨ ᠪᠠᠶᠢᠨ᠎ᠠ᠃ | ᠣᠳᠤᠬᠠᠨ ᠳᠤ ᠬᠤᠵᠢᠷᠳᠤ ᠲᠤᠰᠬᠤᠨ ᠨᠢ ᠬᠤᠶᠠᠳᠤᠭᠠᠷ ᠬᠤᠷᠰᠢᠶ᠎ᠠ ᠶᠢᠨ 560 ᠮᠤ᠋ ᠶᠢᠨ ᠲᠠᠷᠢᠶᠠᠨ ᠭᠠᠵᠠᠷ | ᠢ ᠴᠤᠮᠬᠠᠳᠬᠠᠨ ᠨᠡᠶᠢᠯᠡᠬᠦᠯᠵᠦ ᠦᠬᠡᠷᠡᠴᠢᠯᠡᠯᠳᠡ ᠬᠢᠬᠡᠳ 610 ᠮᠤ᠋ ᠶᠢᠨ ᠰᠢᠨ᠎ᠡ ᠲᠠᠷᠢᠶᠠᠨ ᠭᠠᠵᠠᠷ ᠪᠤᠯᠭᠠᠨ | ᠲᠠᠷᠢᠶᠠᠴᠢᠳ ᠲᠤ ᠰᠢᠨ᠎ᠡ ᠪᠠᠷ ᠬᠤᠪᠢᠶᠠᠨ ᠦᠭᠴᠠᠢ᠃ ᠲᠦᠰᠦᠪᠯᠡᠬᠦ ᠪᠠᠷ ᠲᠤᠰ ᠲᠤᠰᠬᠤᠨ ᠤ ᠬᠢᠨ ᠭᠤᠷᠪᠠᠨ ᠵᠢᠯ | ᠤᠨ ᠴᠠᠭ ᠵᠠᠷᠤᠴᠠᠭᠤᠯᠤᠨ ᠪᠦᠬᠦ ᠲᠤᠰᠬᠤᠨ ᠤ 12000 ᠮᠤ᠋ ᠶᠢᠨ ᠲᠠᠷᠢᠶᠠᠨ ᠭᠠᠵᠠᠷ ᠢ ᠪᠦᠬᠦᠨ ᠢ ᠨᠢ | ᠴᠤᠮᠬᠠᠳᠬᠠᠨ ᠨᠡᠶᠢᠯᠡᠬᠦᠯᠵᠦ ᠦᠬᠡᠷᠡᠴᠢᠯᠡᠨ ᠰᠢᠨᠡᠳᠬᠡᠬᠦ ᠪᠠᠷ ᠲᠦᠯᠦᠪᠯᠡᠵᠤ ᠪᠠᠶᠢᠨ᠎ᠠ᠃ |