ᠯᠢ ᠵᠢᠢ ᠾᠧᠩ᠄ ᠴᠠᠭ ᠦᠶ᠎ᠠ ᠶᠢᠨ ᠶᠡᠭᠡ ᠬᠠᠨᠳᠤᠰᠢ ᠶᠢ ᠡᠵᠡᠮᠳᠡᠵᠤ ᠬᠦᠭᠵᠢᠯᠳᠡ ᠶᠢᠨ ᠢᠳᠡᠭᠡᠯ ᠵᠤᠷᠢᠭ ᠢᠶᠠᠨ ᠪᠠᠳᠤᠳᠬᠠᠨ ᠮᠠᠨ ᠤ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢᠨ ᠰᠠᠷᠠᠭᠤᠯ ᠢᠷᠡᠭᠡᠳᠦᠢ ᠶᠢ ᠴᠢᠷᠮᠠᠶᠢᠨ ᠡᠭᠦᠳᠭᠦ ᠬᠡᠷᠡᠭᠳᠡᠢ
ᠨᠡᠶᠢᠲᠡᠯᠡᠭᠰᠡᠨ ᠴᠠᠭ᠄
2018-12-17
            ᠪᠦ᠋ ᠰᠢᠶᠤᠤ ᠯᠢᠨ ᠬᠤᠷᠠᠯ ᠢ ᠡᠷᠬᠢᠯᠡᠵᠤ    ᠯᠢ ᠵᠢᠶᠠ ᠬᠤᠷᠠᠯ ᠳᠤ ᠤᠷᠤᠯᠴᠠᠵᠠᠢ      12 ᠰᠠᠷ᠎ᠠ ᠶᠢᠨ 13 ᠤ ᠡᠳᠦᠷ᠂ ᠪᠦᠬᠦ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠷᠤᠨ ᠤ ᠰᠢᠯᠢᠳᠡᠭ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠦᠪᠡᠳᠡᠭᠰᠢ ᠶᠡᠭᠡ ᠪᠠᠷ ᠬᠦᠬᠢᠭᠦᠯᠦᠨ ᠰᠠᠶᠢᠰᠢᠶᠠᠬᠰᠠᠨ ᠪᠦᠭᠡᠳ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠦᠬᠢᠭᠦᠯᠦᠨ ᠰᠠᠶᠢᠰᠢᠶᠠᠬᠤ ᠲᠤᠬᠳᠠᠭᠠᠯ ᠢ ᠤᠩᠰᠢᠨ ᠨᠡᠶᠢᠳᠡᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠬᠤᠷᠠᠯ ᠳᠤ ᠤᠷᠤᠯᠴᠠᠵᠠᠢ᠃
     12 ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠪᠦᠬᠦ ᠤᠷᠤᠨ ᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠬᠤᠷᠠᠯ ᠳᠤ ᠤᠷᠤᠯᠴᠠᠬᠤ ᠶᠢᠨ ᠬᠠᠮᠲᠤ᠂ ᠬᠦᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠦᠯᠦᠭᠡᠯᠡᠭᠴᠢᠳ ᠲᠤ ᠱᠠᠩᠨᠠᠯ ᠭᠠᠷᠳᠠᠭᠤᠯᠪᠠ᠃                   ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ      ᠯᠢ ᠵᠢᠢ ᠾᠧᠩ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠠᠵᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠨᠡᠶᠢᠳᠡᠯᠡᠨ ᠴᠢᠬᠤᠯᠠ ᠵᠢᠭᠠᠪᠤᠷᠢ ᠦᠭᠴᠠᠢ᠂ ᠢᠯᠠᠩᠭᠤᠶ᠎ᠠ ᠲᠦᠷᠦᠭᠦᠭᠡᠨ ᠬᠤᠷᠠᠯᠳᠤᠭᠤᠯᠤᠬᠰᠠᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠨᠠᠮ ᠪᠤᠯᠤᠨ ᠤᠯᠤᠰ ᠠᠴᠠ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠢᠮᠠᠬᠳᠠ ᠶᠢᠨ ᠵᠤᠬᠰᠤᠯᠳᠠ ᠶᠢ ᠲᠠᠪᠳᠠᠨ ᠢᠯᠡᠷᠬᠡᠶᠢᠯᠡᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ︽ᠲᠤᠬᠳᠠᠪᠤᠷᠢᠵᠢᠭᠤᠯᠬᠤ ᠵᠤᠷ ᠦᠭᠴᠦ︾᠂ ᠡᠷᠴᠢ ᠬᠦᠴᠦ ᠨᠡᠮᠡᠵᠤ᠂ ᠴᠢᠭᠯᠡᠯ ᠢ ᠵᠢᠭᠠᠨ ᠦᠭᠴᠠᠢ᠃ ᠪᠢᠳᠡ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠨ ᠬᠦ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠲᠠᠢ ᠨᠢᠭᠡᠳᠦᠯᠳᠡᠢ ᠪᠠᠶᠢᠯᠭᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠭᠵᠢᠯ ᠪᠤᠵᠠᠭᠠᠶᠢᠷᠠᠯ ᠢ ᠪᠦᠬᠦ ᠬᠦᠴᠦᠨ ᠢᠶᠠᠷ ᠢᠶᠠᠨ ᠲᠡᠮᠵᠢᠵᠤ᠂ ᠪᠤᠳᠠᠳᠤ ᠠᠵᠢᠯᠯᠠᠭ᠎ᠠ ᠪᠤᠯᠤᠨ ᠦᠷ᠎ᠠ ᠪᠦᠳᠦᠮᠵᠢ ᠪᠠᠷ ᠢᠶᠠᠨ ︽ᠲᠦᠷᠪᠡᠨ ᠤᠬᠠᠮᠰᠠᠷ︾ ᠪᠠ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃      ᠯᠢ ᠵᠢᠢ ᠾᠧᠩ᠂ ᠪᠤᠳᠠᠳᠠᠢ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠮᠠᠨ ᠤ ᠤᠷᠤᠨ ᠤ ᠠᠷᠠᠳ ᠤᠨ ᠡᠵᠡᠩᠨᠡᠯᠳᠡ  ᠶᠢᠨ ᠠᠵᠤ ᠠᠬᠤᠢ ᠶᠢᠨ ᠬᠦᠭᠵᠢᠯᠳᠡ ᠶᠢ ᠬᠢᠵᠠᠭᠠᠷᠯᠠᠵᠤ ᠪᠦᠬᠦᠢ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠤ᠂ ᠪᠡᠯᠡ ᠮᠦᠩᠭᠦ᠂ ᠭᠠᠵᠠᠷ ᠰᠢᠷᠤᠢ᠂ ᠴᠢᠳᠠᠪᠤᠷᠢᠳᠠᠨ ᠵᠡᠷᠭᠡ ᠡᠯᠧᠮᠧᠨ᠋ᠲ ᠤᠨ ᠪᠠᠳᠤᠯᠠᠭ᠎ᠠ ᠶᠢᠨ ᠲᠦᠪᠰᠢᠨ ᠢ ᠬᠦᠴᠦᠯᠡᠨ ᠲᠡᠭᠡᠭᠰᠢᠯᠡᠭᠦᠯᠵᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠳᠡ ᠶᠢ ᠴᠢᠩᠭᠠᠳᠬᠠᠨ᠂ ᠬᠤᠳᠠᠯᠳᠤᠭ᠎ᠠ ᠡᠵᠡᠩᠨᠡᠭᠦ ᠤᠷᠴᠢᠨ ᠨᠦᠬᠦᠴᠡᠯ ᠢ ᠶᠡᠭᠡ ᠪᠠᠷ ᠰᠢᠯᠢᠳᠡᠭᠵᠢᠭᠦᠯᠵᠤ᠂ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠶᠢ ᠬᠦᠭᠵᠢᠭᠡᠨ ᠬᠠᠮᠠᠭᠠᠠᠯᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠭᠦ ᠶᠢ ᠠᠬᠢᠭᠤᠯᠬᠤ ᠬᠡᠷᠡᠭᠳᠡᠢ᠃ ᠬᠠᠷᠢᠭᠤᠴᠠᠯᠭ᠎ᠠ ᠨᠡᠶᠢᠳᠡᠪᠦᠷᠢᠵᠢᠭᠤᠯᠤᠯᠳᠠ ᠪᠠᠨ ᠴᠢᠩᠭᠠᠳᠬᠠᠵᠤ᠂ ᠬᠢᠨᠠᠨ ᠰᠢᠯᠭᠠᠵᠤ ᠤᠷᠮᠠᠰᠢᠭᠤᠯᠬᠤ ᠪᠠ ᠪᠦᠷᠢᠳᠭᠡᠵᠤ ᠬᠢᠨᠠᠨ ᠬᠡᠮᠵᠢᠭᠦ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠨ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠵᠦ᠂ ᠤᠷᠤᠨ ᠲᠠᠶᠠᠭᠠᠷ ᠲᠤ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠭᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠭᠦ ᠬᠡᠷᠡᠭᠳᠡᠢ᠃ ᠦᠷᠭᠡᠨ ᠤᠯᠠᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠪᠠᠶᠢᠳᠠᠯ ᠲᠠᠢ ᠵᠤᠬᠢᠴᠠᠯᠳᠤᠵᠤ᠂ ᠲᠤᠳᠤᠷ ᠲᠠᠮᠢᠷ ᠢᠶᠠᠨ ᠴᠢᠩᠭᠠᠯᠠᠨ᠂ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠬᠦᠴᠦᠳᠦ ᠲᠡᠮᠵᠢᠯᠭᠡ ᠲᠤᠤᠷ᠎ᠠ᠂ ᠵᠠᠬ᠎ᠠ ᠲᠡᠯᠭᠡᠭᠦᠷ ᠤᠨ ᠮᠦᠰᠦᠳᠦ ᠠᠭᠤᠯᠠ᠂ ᠪᠡᠯᠡ ᠬᠤᠷᠠᠮᠳᠤᠭᠤᠯᠬᠤ ᠦᠨᠳᠦᠷ ᠠᠭᠤᠯᠠ ᠪᠠ ᠬᠡᠯᠪᠡᠷᠢ ᠪᠠᠨ ᠬᠤᠪᠢᠷᠠᠭᠤᠯᠬᠤ ᠭᠠᠯᠳᠦ ᠠᠭᠤᠯᠠ ᠶᠢ ᠴᠢᠷᠮᠠᠶᠢᠨ ᠲᠠᠪᠠᠵᠤ᠂ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠳᠡᠢ ᠬᠡᠵᠤ ᠴᠢᠬᠤᠯᠠᠴᠢᠯᠠᠵᠠᠢ᠃      ᠪᠦ᠋ ᠰᠢᠶᠤᠤ ᠯᠢᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠭᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠲᠠᠪᠬᠤᠴᠠᠯ ᠦᠢᠯᠡᠳᠦᠯ ᠢ ᠰᠠᠶᠢᠳᠤᠷ ᠪᠠᠳᠠᠷᠠᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠦᠨᠡᠨ ᠬᠦ ᠬᠦᠷᠳᠡᠮᠵᠢ ᠶᠢᠨ ᠲᠦᠷᠦᠭᠳᠡᠯ ᠲᠠᠢ ᠪᠤᠯᠭᠠᠬᠤ ᠬᠡᠷᠡᠭᠳᠡᠢ᠃ ᠲᠦᠪ ᠭᠤᠤᠯᠴᠢ ᠪᠠᠷ ᠦᠷᠢᠰᠦᠯᠳᠦᠭᠦ ᠤᠷᠴᠢᠨ ᠲᠤᠭᠤᠷᠢᠨ ᠢ ᠡᠭᠦᠳᠴᠤ᠂ ᠡᠷᠭᠡ ᠲᠡᠭᠰᠢ᠂ ᠲᠦᠪ ᠭᠤᠤᠯᠴᠢ᠂ ᠢᠯᠡ ᠲᠤᠳᠤ ᠪᠠᠶᠢᠬᠤ ᠵᠠᠬ᠎ᠠ ᠲᠡᠯᠭᠡᠭᠦᠷ ᠤᠨ ᠵᠠᠷᠴᠢᠮ ᠠᠴᠠ ᠲᠡᠷᠰᠯᠡᠭᠰᠡᠨ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠢ ᠴᠡᠪᠡᠷᠯᠡᠨ ᠬᠦᠴᠦᠨ ᠦᠭᠡᠢ ᠪᠤᠯᠭᠠᠵᠤ᠂ ᠲᠦᠪ ᠭᠤᠤᠯᠴᠢ ᠶᠢ ᠬᠠᠷᠰᠢᠯᠠᠵᠤ ᠪᠦᠬᠦᠢ ᠠᠷᠭ᠎ᠠ ᠬᠢᠳᠡᠯ ᠢ ᠬᠤᠷᠢᠬᠯᠠᠨ ᠠᠷᠢᠯᠭᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠭᠵᠢᠯᠳᠡ ᠳᠤ ᠪᠦᠷᠢᠨ ᠬᠦᠢᠴᠡᠳ ᠵᠠᠬ᠎ᠠ ᠲᠡᠯᠭᠡᠭᠦᠷ ᠤᠨ ᠤᠷᠤᠨ ᠵᠠᠢ ᠪᠦᠷᠢᠯᠳᠦᠭᠦᠯᠵᠤ ᠦᠭᠭᠦ ᠬᠡᠷᠡᠭᠳᠡᠢ᠃ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠪᠠ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤᠨᠢ ᠤᠶᠢᠯᠠᠭᠠᠵᠤ᠂ ᠲᠡᠳᠡᠨ ᠢ ᠬᠠᠪᠰᠤᠷᠤᠨ ᠬᠦᠭᠵᠢᠯᠳᠡ ᠶᠢᠨ ᠲᠤᠮᠳᠠᠬᠢ ᠬᠦᠴᠢᠷᠳᠡᠯ ᠪᠤᠯᠤᠨ ᠠᠰᠠᠭᠤᠳᠠᠯ ᠢ ᠨᠢ ᠰᠢᠢᠳᠪᠦᠷᠢᠯᠡᠨ ᠦᠭᠴᠤ᠂ ᠠᠵᠤ ᠠᠬᠤᠶᠢᠯᠠᠯ ᠤᠨ ᠬᠠᠤᠯᠢ ᠶᠤᠰᠤᠭᠠᠷ ᠡᠵᠡᠩᠨᠡᠭᠦ ᠶᠢ ᠬᠠᠤᠯᠢ ᠪᠠᠷ ᠪᠠᠳᠤᠯᠠᠬᠤ ᠬᠡᠷᠡᠭᠳᠡᠢ᠃ ᠰᠢᠯᠢᠳᠡᠭ ᠠᠵᠤ ᠠᠬᠤᠶᠢᠯᠠᠯᠳᠠᠨ ᠢ ᠤᠬᠠᠭᠠᠯᠵᠤ ᠮᠡᠳᠡᠭᠡᠯᠡᠬᠦ ᠠᠵᠢᠯ ᠢ ᠴᠢᠩᠭᠠᠳᠬᠠᠵᠤ᠂ ᠰᠢᠨ᠎ᠠ ᠶᠢ ᠡᠭᠦᠳᠴᠤ ᠦᠢᠯᠡᠰ ᠪᠤᠰᠬᠠᠬᠤ ᠶᠢ ᠡᠷᠬᠢᠮᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠪᠦ᠋ᠷᠢᠯᠳᠦᠭᠦ ᠶᠢ ᠠᠬᠢᠭᠤᠯᠬᠤ ᠬᠡᠷᠡᠭᠳᠡᠢ ᠬᠡᠵᠤ ᠱᠠᠭᠠᠷᠳᠠᠵᠠᠢ᠃      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠡᠰᠡᠭ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠰᠠᠨᠠᠯ ᠢᠶᠠᠨ ᠰᠤᠯᠢᠯᠴᠠᠬᠤ ᠦᠭᠡ ᠬᠡᠯᠡᠵᠡᠢ᠃
     ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠤᠳᠤᠷᠢᠳᠤᠯᠭ᠎ᠠ ᠡᠾᠧ ᠤᠯᠠᠭᠠᠨ᠂ ᠵᠸᠤ ᠱᠤᠸᠠᠢ᠂ ᠪᠠᠶᠠᠠᠴᠠᠩᠭᠡᠯ᠂ ᠯᠸᠢ ᠬᠠᠰ ᠪᠤᠯᠤᠨ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号