12 ᠰᠠᠷ᠎ᠠ ᠶᠢᠨ 17 ᠤ ᠡᠳᠦᠷ᠂ ᠮᠠᠨ ᠤ ᠬᠤᠰᠢᠭᠤᠨ ᠤ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ | ᠤᠨ ᠣᠢ ᠶᠢ ᠳᠤᠷᠠᠰᠬᠠᠨ ᠲᠡᠮᠳᠡᠭᠯᠡᠬᠦ ᠭᠡᠷᠡᠯ ᠵᠢᠷᠤᠭ ᠤᠨ ᠳᠡᠯᠭᠡᠨ ᠦᠵᠡᠭᠦᠯᠥᠯᠬᠡ ᠬᠤᠰᠢᠭᠤ ᠰᠣᠶᠣᠯ ᠤᠨ | ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠤᠨ ᠣᠯᠠᠨ ᠬᠤᠷᠠᠬᠤ ᠦᠵᠡᠭᠦᠯᠦᠯᠭᠡ ᠶᠢᠨ ᠲᠢᠩᠭᠢᠮ ᠳᠤ ᠶᠠᠪᠤᠭᠳᠠᠪᠠ | ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ | ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠠᠯᠲᠠᠨᠲᠤᠶᠠᠭ᠎ᠠ᠂ ᠬᠤᠰᠢᠭᠤ ᠤᠳᠤᠷᠢᠳᠤᠯᠭ᠎ᠠ ᠾᠧ ᠤᠯᠠᠭᠠᠨ᠂ ᠯᠧᠢ ᠬᠠᠰ᠂ ᠣᠶᠤᠨᠪᠢᠯᠢᠭ᠌᠂ ᠽᠥᠸᠧ | ᠴᠧᠨ ᠭᠤᠸᠠᠩ ᠪᠣᠯᠣᠨ ᠵᠠᠭᠤ ᠭᠠᠷᠤᠢ ᠺᠠᠳ᠋ᠷ ᠠᠵᠢᠯᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | | ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ ᠤᠨ ᠲᠤᠷᠰᠢ ᠮᠠᠨ ᠤ ᠤᠯᠤᠰ ᠤᠨ ᠠᠤᠭ᠎ᠠ | ᠬᠥᠭᠵᠢᠯᠲᠡ ᠬᠤᠪᠢᠷᠠᠯᠲᠠ ᠨᠢ ᠬᠥᠮᠥᠨ ᠠᠷᠠᠳ ᠤᠨ ᠰᠡᠳᠬᠢᠯ ᠢ ᠬᠥᠭᠵᠢᠭᠡᠵᠦ ᠤᠷᠮ᠎ᠠ ᠶᠢ ᠲᠠᠶᠢᠴᠢᠯᠠᠭᠰᠠᠭᠠᠷ ᠢᠷᠡᠪᠡ | ᠃ ᠤᠯᠤᠰ ᠳᠠᠶᠠᠭᠠᠷ ᠢᠶᠠᠨ ᠡᠨᠡᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠡᠳᠬᠢᠯ ᠪᠠᠭ᠋ᠠᠳᠤᠨ ᠪᠡᠯᠭᠡᠯᠡᠵᠦ ᠪᠠᠶᠢᠭ᠎ᠠ | ᠴᠠᠭ ᠮᠦᠴᠡ ᠳᠤ ᠦᠬᠡᠷᠡᠴᠢᠯᠡᠯᠳᠡ ᠨᠡᠬᠡᠬᠡᠯᠳᠡ ᠬᠢᠭᠰᠡᠨ ᠲᠦᠴᠢᠨ ᠵᠢᠯ ᠤᠨ ᠤᠢ ᠶᠢ ᠪᠡᠯᠬᠡᠯᠡᠬᠦ ᠶᠡᠭᠡ ᠬᠤᠷᠠᠯ | ᠠᠮᠵᠢᠯᠳᠠᠳᠠᠢ ᠬᠤᠷᠠᠯᠳᠤᠭᠰᠠᠨ ᠪᠠᠶᠠᠷ ᠢ ᠲᠤᠬᠢᠶᠠᠯᠳᠤᠭᠤᠯᠤᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠭᠡᠷᠡᠯ ᠵᠢᠷᠤᠭᠴᠢᠳ ᠤᠨ ᠡᠪᠯᠡᠯ ᠠᠴᠠ ᠬᠠᠮᠲᠤᠷᠠᠨ ᠲᠤᠰ ᠤᠳᠠᠭᠠᠨ | ᠤ ᠬᠡᠷᠡᠯ ᠵᠢᠷᠤᠭ ᠤᠨ ᠲᠡᠯᠬᠡᠨ ᠦᠵᠡᠬᠦᠯᠦᠯᠬᠡ ᠶᠢ ᠡᠷᠬᠢᠯᠡᠨ ᠶᠠᠪᠤᠭᠳᠠᠭᠤᠯᠵᠤ ᠨᠤᠲᠤᠭ ᠣᠷᠣᠨ ᠤ ᠬᠥᠭᠵᠢᠯ | ᠬᠤᠪᠢᠷᠠᠯ ᠢ ᠬᠥᠮᠥᠰ ᠤᠨ ᠬᠠᠷᠠᠭᠠᠨ ᠳᠤ ᠠᠮᠢᠳᠤᠯᠢᠭ ᠲᠣᠳᠣᠷᠠᠭᠤᠯᠪᠠ᠃ | | | | | | | ᠦᠵᠡᠬᠦᠯᠦᠯᠬᠡ ᠳᠤ 1978 ᠣᠨ ᠠᠴᠠ 2018 ᠣᠨ ᠤ ᠬᠤᠭᠤᠷᠤᠨᠳᠣᠬᠢ ᠮᠠᠨ ᠤ ᠬᠤᠰᠢᠭᠤᠨ ᠤ ᠤᠯᠤᠰ | ᠲᠦᠷᠦ᠂ ᠠᠵᠤ ᠠᠬᠤᠢ᠂ ᠨᠡᠶᠢᠬᠡᠮ᠂ ᠰᠤᠶᠤᠯ᠂ ᠠᠮᠢ ᠠᠬᠤᠢ ᠵᠡᠷᠬᠡ ᠶᠢᠨ ᠪᠦᠳᠦᠬᠡᠨ ᠪᠠᠶᠢᠭᠤᠯᠤᠯᠳᠠ ᠳᠠᠬᠢ | ᠬᠤᠪᠢᠷᠠᠯᠳᠠ ᠬᠦᠭᠵᠢᠯᠳᠡ ᠶᠢ ᠠᠮᠢᠳᠤᠯᠢᠭ ᠬᠠᠷᠠᠭᠤᠯᠤᠭᠰᠠᠨ 420 ᠬᠤᠪᠢ ᠰᠢᠨ᠎ᠡ ᠬᠠᠭᠤᠴᠢᠨ ᠬᠡᠷᠡᠯ ᠵᠢᠷᠤᠭ ᠢ | ᠳᠡᠯᠭᠡᠨ ᠦᠵᠡᠭᠦᠯᠪᠡ᠃ ᠡᠳᠡᠬᠡᠷ ᠬᠤᠪᠤᠷ ᠴᠤᠬᠠᠭ ᠵᠢᠷᠤᠭ ᠰᠡᠬᠦᠳᠡᠷ ᠲᠠᠢ ᠲᠡᠯᠬᠡᠨ ᠦᠵᠡᠬᠦᠯᠦᠯᠬᠡ ᠨᠢ ᠤᠯᠠᠨ | ᠲᠦᠮᠡᠨ ᠤ ᠤᠯᠤᠰ ᠤᠷᠤᠨ ᠤ ᠪᠦᠳᠦᠬᠡᠨ ᠪᠠᠶᠢᠭᠤᠯᠤᠯᠳᠠ ᠳᠤ ᠬᠦᠴᠦ ᠪᠠᠨ ᠡᠷᠬᠦᠬᠦ ᠤᠷᠮ᠎ᠠ ᠵᠤᠷᠢᠭ ᠢ ᠬᠦᠭᠵᠢᠬᠡᠯ᠎ᠡ | ᠃ ᠤᠶᠢᠯᠠᠭᠠᠭᠰᠠᠨ ᠢᠶᠠᠷ ᠲᠤᠰ ᠤᠳᠠᠭᠠᠨ ᠤ ᠳᠡᠯᠭᠡᠨ ᠦᠵᠡᠬᠦᠯᠦᠯᠬᠡ ᠨᠢ 2019 ᠣᠨ ᠤ 1 ᠰᠠᠷ᠎ᠠ ᠶᠢᠨ 10 | ᠪᠣᠯᠲᠠᠯ᠎ᠠ ᠦᠷᠭᠦᠯᠵᠢᠯᠡᠵᠦ ᠣᠯᠠᠨ ᠲᠦᠮᠡᠨ ᠳᠤ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ ᠤᠨ | ᠲᠤᠷᠰᠢᠬᠢ ᠠᠤᠭ᠎ᠠ ᠠᠮᠵᠢᠯᠲᠠ ᠶᠢᠨ ᠦᠷ᠎ᠡ ᠪᠦᠲᠦᠭᠡᠯ ᠢ ᠠᠮᠢᠳᠤ ᠲᠦᠷᠰᠦᠯᠢᠭ ᠢᠶᠠᠷ ᠬᠠᠷᠠᠭᠤᠯᠬᠤ ᠪᠣᠯᠣᠨ᠎ᠠ᠃ | | | | | | | | | | | | | |