︽ᠮᠢᠨᠤ ᠨᠤᠲᠤᠭ ᠣᠷᠳᠣᠰ︾ ᠭᠤᠷᠪᠠᠳᠤᠭᠠᠷ ᠬᠤᠭᠤᠴᠠᠭᠠᠨ ᠤ ᠣᠷᠳᠣᠰ ᠤᠨ ᠢᠷᠠᠭᠤ ᠨᠠᠶᠢᠷᠠᠭ ᠤᠨ ᠨᠠᠭᠠᠳᠤᠮ ᠤᠨ ᠤᠷᠠᠨ ᠤᠩᠰᠢᠯᠭ᠎ᠠ ᠶᠢᠨ ᠮᠠᠨ ᠤ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠪᠡᠯᠡᠳᠬᠡᠯ ᠤᠷᠤᠯᠳᠤᠭᠠᠨ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2018-12-19
      ᠣᠶᠢᠷ᠎ᠠ ᠳᠤ᠂ ︽ᠮᠢᠨᠤ ᠨᠤᠲᠤᠭ ᠣᠷᠳᠣᠰ︾ ᠭᠤᠷᠪᠠᠳᠤᠭᠠᠷ ᠬᠤᠭᠤᠴᠠᠭᠠᠨ ᠤ ᠣᠷᠳᠣᠰ ᠤᠨ ᠢᠷᠠᠭᠤ ᠨᠠᠶᠢᠷᠠᠭ ᠤᠨ ᠨᠠᠭᠠᠳᠤᠮ ᠤᠨ ᠤᠷᠠᠨ ᠤᠩᠰᠢᠯᠭ᠎ᠠ ᠶᠢᠨ ᠤᠷᠤᠯᠳᠤᠭᠠᠨ ᠤ ᠮᠠᠨ ᠤ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠪᠡᠯᠡᠳᠬᠡᠯ ᠤᠷᠤᠯᠳᠤᠭᠠᠨ ᠬᠤᠰᠢᠭᠤ ᠰᠣᠶᠣᠯ ᠤᠨ ᠠᠵᠢᠯᠯᠠᠭᠠᠨ ᠤ ᠲᠥᠪ ᠲᠤ ᠠᠮᠵᠢᠯᠲᠠᠲᠠᠢ ᠶᠠᠪᠤᠭᠳᠠᠪᠠ᠃       ᠮᠠᠨ ᠤ ᠬᠤᠰᠢᠭᠤᠨ ᠤ ᠬᠤᠪᠢᠶᠠᠷᠢ ᠲᠠᠯᠠᠪᠠᠢ ᠶᠢᠨ ᠪᠡᠯᠡᠳᠬᠡᠯ ᠤᠷᠤᠯᠳᠤᠭᠠᠨ ᠳᠤ ᠤᠷᠠᠨ ᠤᠩᠰᠢᠯᠭ᠎ᠠ ᠶᠢᠨ ᠮᠣᠩᠭᠤᠯ ᠬᠢᠲᠠᠳ ᠬᠡᠯᠡᠨ ᠤ ᠨᠠᠰᠤᠨ ᠳᠤ ᠬᠦᠷᠦᠭᠰᠡᠳ ᠤᠨ ᠳᠤᠭᠤᠶᠢᠯᠠᠩ᠂ ᠵᠠᠯᠠᠭᠤ ᠪᠠᠭᠠᠴᠤᠳ ᠤᠨ ᠳᠤᠭᠤᠶᠢᠯᠠᠩ᠂ ᠬᠡᠦᠬᠡᠳ ᠤᠨ ᠳᠤᠭᠤᠶᠢᠯᠠᠩ ᠳᠤ ᠮᠠᠯᠴᠢᠨ ᠲᠠᠷᠢᠶᠠᠴᠢᠨ᠂ ᠠᠵᠢᠯᠲᠠᠨ᠂ ᠬᠡᠦᠬᠡᠳ ᠪᠠᠭᠠᠴᠤᠳ ᠨᠡᠶᠢᠲᠡ 182 ᠬᠥᠮᠥᠨ ᠣᠷᠣᠯᠴᠠᠨ ᠥᠪᠡᠷ ᠥᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠵᠤ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢᠬᠢ ᠨᠤᠲᠤᠭ ᠣᠷᠣᠨ ᠤ ᠬᠥᠭᠵᠢᠯ ᠬᠤᠪᠢᠷᠠᠯ ᠢ ᠤᠶᠠᠩᠭᠠᠯᠠᠭᠰᠠᠨ ᠪᠠᠶᠢᠨ᠎ᠠ᠃       ᠣᠷᠣᠯᠳᠤᠭᠠᠨ ᠤ ᠳᠠᠷᠠᠭ᠎ᠠ ᠱᠠᠩᠨᠠᠯ ᠤᠯᠭᠤᠬᠤ ᠦᠳᠡᠰᠢᠯᠡᠭᠡ ᠶᠠᠪᠤᠭᠳᠠᠵᠦ᠂ ᠦᠳᠡᠰᠢᠯᠡᠭᠡ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠾᠧ ᠤᠯᠠᠭᠠᠨ᠂ ᠣᠶᠤᠨᠪᠢᠯᠢᠭ᠌ ᠣᠷᠣᠯᠴᠠᠪᠠ᠃       ᠦᠳᠡᠰᠢᠯᠡᠭᠡ ᠳᠡᠭᠡᠷ᠎ᠡ᠂ ᠣᠶᠤᠨᠪᠢᠯᠢᠭ᠌ ᠶᠠᠷᠢᠶ᠎ᠠ ᠲᠠᠯᠪᠢᠵᠤ ᠵᠢᠭᠠᠬᠤ ᠳᠠᠭᠠᠨ᠂ ᠲᠤᠰ ᠢᠷᠠᠭᠤ ᠨᠠᠶᠢᠷᠠᠭ ᠤᠨ ᠨᠠᠭᠠᠳᠤᠮ ᠢ 2016 ᠣᠨ ᠤ 8 ᠰᠠᠷ᠎ᠠ ᠠᠴᠠ ᠡᠬᠢᠯᠡᠨ ᠬᠢᠵᠦ ᠠᠷᠠᠳ ᠣᠯᠠᠨ ᠤ ᠰᠡᠳᠬᠢᠯ ᠳᠤ ᠬᠦᠷᠭᠡᠬᠦ ᠪᠠᠷ ᠬᠠᠷᠠᠯᠲᠠ ᠪᠠᠨ ᠪᠣᠯᠭᠠᠨ ᠨᠢᠭᠡᠨᠲᠡ ᠬᠤᠶᠠᠷ ᠬᠤᠭᠤᠴᠠᠭ᠎ᠠ ᠠᠮᠵᠢᠯᠲᠠᠲᠠᠢ ᠵᠣᠬᠢᠶᠠᠨ ᠪᠠᠶᠢᠭᠤᠯᠤᠨ ᠶᠠᠪᠤᠭᠳᠠᠭᠤᠯᠵᠤ ᠥᠷᠭᠡᠨ ᠣᠯᠠᠨ ᠢᠷᠠᠭᠤ ᠨᠠᠶᠢᠷᠠᠭ ᠲᠤ ᠳᠤᠷ᠎ᠠ ᠪᠠᠭ᠋ᠠᠲᠠᠢ ᠬᠥᠮᠥᠰ ᠤᠨ ᠬᠠᠷᠢᠯᠴᠠᠨ ᠰᠤᠷᠤᠯᠴᠠᠨ ᠲᠤᠷᠰᠢᠯᠭ᠎ᠠ ᠪᠠᠨ ᠰᠣᠯᠢᠯᠴᠠᠬᠤ ᠰᠠᠶᠢᠬᠠᠨ ᠲᠠᠪᠴᠠᠩ ᠪᠣᠯᠵᠤ ᠣᠷᠳᠣᠰ ᠬᠤᠲᠠ ᠶᠢᠨ ᠰᠣᠶᠣᠯ ᠤᠷᠠᠯᠢᠭ ᠤᠨ ᠭᠢᠯᠠᠰ ᠴᠡᠭ ᠪᠣᠯᠣᠭᠰᠠᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠳ ︽ᠮᠢᠨᠤ ᠨᠤᠲᠤᠭ ᠣᠷᠳᠣᠰ︾ ᠭᠡᠬᠦ ᠭᠤᠣᠯ ᠰᠡᠳᠦᠪ ᠤᠨ ᠲᠣᠭᠤᠷᠢᠨ ᠳᠤ ᠤᠷᠠᠨ ᠪᠦᠲᠦᠭᠡᠯ ᠢᠶᠠᠨ ᠵᠣᠬᠢᠶᠠᠨ ᠪᠦᠲᠦᠭᠡᠵᠦ ᠮᠠᠨ ᠤ ᠬᠤᠰᠢᠭᠤᠨ ᠤ ᠤᠷᠠᠨ ᠪᠦᠲᠦᠭᠡᠯᠴᠢᠳ ᠤᠨ ᠡᠬᠡ ᠣᠷᠣᠨ ᠨᠤᠲᠤᠭ ᠤᠰᠤᠨ ᠳᠠᠭᠠᠨ ᠬᠠᠶᠢᠷᠠᠲᠠᠢ ᠦᠦᠰᠢᠨ ᠤ ᠪᠠᠨ ᠬᠥᠭᠵᠢᠯ ᠬᠤᠪᠢᠷᠠᠯ ᠢ ᠬᠠᠯᠠᠮᠵᠢᠯᠠᠵᠤ ᠪᠠᠶᠢᠭ᠎ᠠ ᠶᠢ ᠢᠯᠡᠷᠡᠭᠦᠯᠦᠭᠰᠡᠨ ᠪᠠᠶᠢᠨ᠎ᠠ ᠭᠡᠵᠡᠢ᠃       ᠣᠶᠢᠯᠠᠭᠠᠭᠰᠠᠨ ᠢᠶᠠᠷ ᠬᠤᠪᠢᠶᠠᠷᠢ ᠲᠠᠯᠠᠪᠠᠢ ᠶᠢᠨ ᠪᠡᠯᠡᠳᠬᠡᠯ ᠤᠷᠤᠯᠳᠤᠭᠠᠨ ᠤ ᠡᠯ᠎ᠡ ᠳᠤᠭᠤᠶᠢᠯᠠᠩ ᠤᠨ ᠡᠮᠦᠨ᠎ᠡ ᠲᠠᠪᠤᠨ ᠨᠡᠷᠡᠰ ᠨᠢ 12 ᠰᠠᠷ᠎ᠠ ᠶᠢᠨ 22 ᠤᠨ ᠡᠳᠦᠷ᠂ 23 ᠤ ᠡᠳᠦᠷ ᠬᠢᠶ᠎ᠠ ᠪᠠᠭᠰᠢ ᠲᠣᠭᠤᠷᠢᠭ ᠲᠤ ᠪᠣᠯᠬᠤ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠪᠣᠯᠣᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号