ᠬᠤᠰᠢᠭᠤ ᠤᠳᠤᠷᠢᠳᠤᠯᠭ᠎ᠠ ᠨᠠᠷ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠣᠢ ᠶᠢ ᠪᠡᠯᠬᠡᠯᠡᠬᠦ ᠶᠡᠭᠡ ᠬᠤᠷᠠᠯ ᠤᠨ ᠰᠢᠭᠤᠳ ᠨᠡᠪᠳᠠᠷᠠᠭᠦᠯᠭᠡ ᠶᠢ ᠭᠥᠯᠢᠶᠠᠨ ᠥᠵᠡᠪᠡ
ᠨᠡᠶᠢᠲᠡᠯᠡᠭᠰᠡᠨ ᠴᠠᠭ᠄
2018-12-19
      12 ᠰᠠᠷ᠎ᠠ ᠶᠢᠨ 18 ᠤ ᠡᠳᠣᠷ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠣᠢ ᠶᠢ ᠪᠡᠯᠬᠡᠯᠡᠬᠦ ᠶᠡᠭᠡ ᠬᠤᠷᠠᠯ ᠠᠷᠡᠳ ᠤᠨ ᠶᠡᠭᠡ ᠬᠤᠷᠠᠯ ᠤᠨ ᠲᠠᠩᠭᠢᠮ ᠳᠤ ᠬᠤᠷᠠᠯᠳᠤᠵᠤ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠳᠦᠪ ᠬᠤᠷᠢᠶᠠᠨ ᠤ ᠶᠡᠷᠤᠩᠬᠡᠢ ᠱᠦᠵᠢ ᠣᠯᠣᠰ ᠤᠨ ᠳᠡᠷᠢᠬᠦᠯᠡᠭᠴᠢ ᠳᠦᠪ ᠤᠨ ᠴᠡᠷᠢᠭ ᠤᠨ ᠶᠠᠪᠣᠳᠠᠯ ᠤᠨ ᠬᠤᠷᠢᠶᠠᠨ ᠤ ᠳᠡᠷᠢᠭᠦᠯᠡᠭᠴᠢ ᠰᠢ ᠶᠢᠨ ᠫᠢᠡᠭ ᠶᠡᠭᠡ ᠬᠤᠷᠠᠯ ᠳᠤ ᠣᠷᠣᠯᠴᠠᠨ ᠴᠢᠬᠤᠯᠡ ᠶᠡᠷᠢᠶ᠎ᠠ ᠳᠠᠯᠪᠢᠪᠠ᠃ ᠮᠠᠨ ᠤ ᠬᠤᠰᠢᠭᠤᠨ ᠤ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠪᠤᠯᠤᠨ ᠡᠯ᠎ᠠ ᠰᠤᠮᠤ ᠪᠠᠯᠭᠠᠰᠤ᠂ ᠬᠤᠰᠢᠭᠤ ᠡᠯ᠎ᠠ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠶᠡᠭᠡ ᠬᠤᠷᠠᠯ ᠤᠨ ᠰᠢᠭᠤᠳ ᠨᠡᠪᠳᠠᠷᠠᠭᠦᠯᠭᠡ ᠶᠢ ᠭᠥᠯᠢᠶᠠᠨ ᠠᠪᠴᠤ ᠥᠵᠡᠭᠰᠠᠨ ᠪᠠᠶᠢᠨ᠎ᠠ᠃
     ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ  ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠡᠪᠰᠡᠭᠳᠤ ᠭᠥᠴᠤᠨ ᠤ ᠭᠡᠯᠳᠡᠰ ᠤᠨ ᠤᠯᠤᠰ ᠲᠥᠷᠥ ᠶᠢᠨ ᠭᠡᠰᠢᠭᠦᠨ ᠵᠠᠩ ᠱᠤ᠋ ᠰᠢᠤᠸᠠᠨ ᠨᠠᠷ ᠶᠡᠭᠡ ᠬᠤᠷᠠᠯ ᠢ ᠭᠥᠯᠢᠶᠠᠨ ᠥᠵᠡᠵᠤ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠭᠡᠷᠡᠯ ᠰᠠᠴᠤᠷᠠᠩᠭᠤᠢ ᠲᠡᠤᠭᠡ ᠶᠢ ᠡᠷᠭᠢᠴᠠᠭᠦᠯᠵᠤ᠂ ᠡᠭᠡ ᠤᠯᠤᠰ  ᠤᠨ ᠭᠡᠭᠡᠨ ᠰᠠᠷᠠᠭᠤᠯ ᠢᠷᠡᠭᠡᠳᠤᠢ ᠶᠢ ᠬᠠᠮᠳᠤᠪᠠᠷ ᠲᠥᠰᠥᠭᠡᠯᠡᠭᠰᠠᠨ ᠪᠠᠶᠢᠨ᠎ᠠ᠃
     ᠪᠥᠭᠦᠳᠡᠭᠡᠷ ᠢᠶᠠᠨ ᠰᠢ ᠶᠢᠨ ᠫᠢᠩ ᠶᠠᠷᠤᠩᠭᠡᠢ ᠱᠥᠵᠢ ᠶᠢᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠴᠤ᠂ ᠴᠢᠬᠤᠯᠠ ᠶᠠᠷᠢᠶ᠎ᠠ ᠨᠢ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠭᠡᠷᠡᠯ ᠰᠠᠴᠤᠷᠠᠩᠭᠤᠢ ᠲᠡᠤᠭᠡ ᠶᠢ ᠪᠥᠭᠦ ᠲᠠᠯ᠎ᠠ ᠪᠠᠷ ᠡᠷᠭᠢᠴᠠᠭᠦᠯᠵᠤ᠂ ᠥᠭᠡᠷᠡᠴᠢᠯᠠᠯᠳᠠ ᠨᠡᠭᠡᠭᠡᠯᠳᠠ ᠶᠢᠨ ᠠᠤᠭ᠎ᠠ ᠶᠡᠭᠡ ᠠᠮᠵᠢᠯᠳᠠ ᠪᠥᠳᠥᠮᠵᠢ ᠪᠤᠯᠤᠨ ᠡᠷᠭᠢᠮ ᠨᠠᠨᠳᠢᠨ ᠲᠤᠷᠰᠢᠯᠭ᠎ᠠ ᠶᠢ ᠭᠥᠨᠵᠡᠭᠡᠢ ᠳ᠋ᠥᠩᠨᠠᠵᠤ᠂ ᠲᠤᠮᠳᠠᠳᠤ ᠶᠢᠨ ᠠᠷᠠᠳ ᠲᠥᠮᠡᠨ ᠤ ᠥᠭᠡᠷᠡᠴᠢᠯᠠᠯᠳᠠ ᠨᠡᠭᠡᠭᠡᠯᠳᠠ ᠶᠢᠨ ᠠᠵᠢᠯ ᠥᠢᠯᠡᠰ ᠲᠤ ᠡᠷᠭᠦᠭᠰᠠᠨ ᠭᠠᠷᠮᠠᠭᠠᠢ ᠬᠤᠪᠢ ᠨᠡᠮᠠᠷᠢ ᠶᠢ ᠮᠠᠭᠳᠠᠵᠤ᠂ ᠥᠭᠡᠷᠡᠴᠢᠯᠠᠯᠳᠠ ᠶᠢ ᠪᠥᠭᠦ ᠲᠠᠯ᠎ᠠ ᠪᠠᠷ ᠭᠥᠨᠵᠡᠭᠡᠶᠢᠷᠠᠭᠦᠯᠭᠦ᠂ ᠭᠠᠳᠠᠭᠠᠳᠤ ᠲᠠᠢ ᠨᠡᠭᠡᠭᠡᠯᠳᠠ ᠭᠢᠭᠦ ᠶᠢ ᠥᠷᠭᠡᠳᠭᠡᠭᠦ᠂ ᠰᠢᠨ᠎ᠠ ᠴᠠᠭ ᠥᠶ᠎ᠠ ᠶᠢᠨ ᠥᠭᠡᠷᠡᠴᠢᠯᠠᠯᠳᠠ ᠨᠡᠭᠡᠭᠡᠯᠳᠠ ᠶᠢ ᠥᠷᠭᠦᠯᠵᠢᠯᠠᠨ ᠤᠷᠤᠭᠰᠢ ᠠᠭᠢᠭᠤᠯᠬᠤ ᠶᠢᠨ ᠬᠠᠷᠠᠯᠳᠠ ᠱᠠᠭᠠᠷᠳᠠᠯᠭ᠎ᠠ ᠶᠢ ᠲᠤᠳᠤᠷᠬᠠᠢ ᠲᠤᠷᠠᠳᠤᠭᠰᠠᠨ ᠪᠥᠭᠡᠳ ᠴᠢᠬᠤᠯᠠ ᠶᠠᠷᠢᠶ᠎ᠠ ᠨᠢ ᠪᠥᠭᠦ ᠲᠠᠯ᠎ᠠ ᠶᠢ ᠬᠠᠮᠤᠷᠴᠤ᠂ ᠠᠭᠤᠯᠭ᠎ᠠ ᠨᠢ ᠪᠠᠶᠠᠯᠢᠭ᠂ ᠭᠥᠮᠤᠨ ᠢ ᠤᠷᠮᠠᠰᠢᠭᠤᠯᠤᠨ᠂ ᠤᠷᠤᠭᠰᠢ ᠲᠠᠪᠰᠢᠬᠤ ᠶᠢ ᠵᠤᠷᠢᠭᠵᠢᠭᠤᠯᠤᠭᠰᠠᠨ ᠪᠠᠶᠢᠨ᠎ᠠ ᠭᠡᠵᠤ ᠥᠵᠡᠵᠡᠭᠡᠪᠡ᠃ ᠪᠥᠭᠦᠳᠡᠭᠡᠷ ᠢᠶᠠᠨ ᠢᠯᠠᠷᠭᠡᠶᠢᠯᠠᠭᠦ ᠳᠤ ᠪᠠᠨ᠂ ᠰᠢ ᠶᠢᠨ ᠫᠢᠩ ᠨᠥᠭᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠠᠩ ᠢᠯᠠᠭᠦᠤ ᠪᠥᠯᠭᠦᠮᠳᠠᠨ ᠨᠢᠭᠲᠠᠷᠠᠵᠤ᠂ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭᠠᠨ  ᠤ ᠠᠭᠤᠤ ᠶᠡᠭᠡ ᠲᠤᠭ ᠢ ᠥᠨᠳᠤᠷ ᠮᠠᠨᠳᠤᠭᠤᠯᠵᠤ᠂ ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ  ᠪᠠᠨ ᠪᠠᠳᠤ ᠴᠠᠭᠡᠵᠢᠯᠠᠨ ᠥᠭᠡᠷᠡᠴᠢᠯᠠᠯᠳᠠ ᠨᠡᠭᠡᠭᠡᠯᠳᠠ ᠶᠢ ᠡᠴᠤᠰ ᠲᠤᠨᠢ ᠲᠤᠯᠳᠠᠯ᠎ᠠ ᠰᠠᠶᠢᠨ ᠭᠢᠵᠤ᠂ ︽ᠬᠤᠤᠰ ᠵᠠᠭᠤᠨ ᠵᠢᠯ︾ ᠤᠨ ᠬᠠᠷᠠᠯᠳᠠ ᠶᠢ ᠪᠠᠶᠠᠯᠠᠭᠦᠯᠭᠦ᠂ ᠲᠤᠮᠳᠠᠳᠤ ᠶᠢᠨ ᠥᠨᠳᠤᠰᠤᠳᠠᠨ ᠤ ᠠᠭᠤᠤ ᠶᠡᠭᠡ ᠰᠠᠷᠭᠦᠨ ᠮᠠᠨᠳᠤᠯᠳᠠ ᠶᠢᠨ ᠲᠤᠮᠳᠠᠳᠤ ᠶᠢᠨ ᠭᠥᠰᠡᠯ ᠵᠠᠭᠦᠳᠤ ᠶᠢ ᠪᠠᠶᠠᠯᠠᠭᠦᠯᠭᠦ ᠪᠠᠷ ᠴᠥᠭᠦᠷᠠᠰᠢ ᠥᠭᠡᠢ ᠴᠢᠷᠮᠠᠶᠢᠨ᠎ᠠ ᠭᠡᠵᠤ ᠢᠯᠠᠷᠭᠡᠶᠢᠯᠠᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号