︽ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠭᠤᠷᠬᠠᠢ ᠶᠢᠨ ᠤᠷᠤᠨ ᠤ ᠮᠠᠯᠴᠢᠨ | ᠲᠠᠷᠢᠶᠠᠴᠢᠨ ᠢ ᠨᠡᠭᠦᠯᠬᠡᠨ ᠨᠦᠭᠦᠪᠦᠷᠢ ᠤᠯᠭᠤᠨ ᠲᠦᠪᠬᠢᠨᠡᠭᠦᠯᠭᠦ ᠵᠢᠯᠤᠭᠤᠳᠬᠤ ᠰᠠᠨᠠᠯ︾ ᠤᠨ ᠵᠤᠷᠢᠭ ᠰᠠᠨᠠᠭ᠎ᠠ ᠪᠠᠷ | ᠤᠯᠠᠭᠠᠨᠳᠤᠯᠤᠭᠠᠢ ᠪᠠᠯᠭᠠᠰᠤ ᠠᠭᠤᠷᠬᠠᠢ ᠶᠢᠨ ᠤᠷᠤᠨ ᠤ ᠲᠦᠪᠬᠢᠨᠠᠭᠦᠯᠭᠦ ᠠᠵᠢᠯ ᠢ ᠢᠳᠡᠪᠬᠢᠳᠡᠢ ᠦᠷᠨᠢᠭᠦᠯᠵᠦ ᠪᠠᠶᠢᠨ᠎ᠠ | ᠃ ᠲᠤᠰ ᠤᠳᠠᠭᠠᠨ ᠤ ᠨᠡᠭᠦᠯᠭᠡᠨ ᠲᠦᠪᠬᠢᠨᠡᠭᠦᠯᠭᠦ ᠠᠵᠢᠯ ᠢ ᠵᠠᠰᠠᠭ ᠤᠨ ᠤᠷᠳᠤᠨ ᠵᠢᠯᠤᠭᠤᠳᠬᠤ᠂ ᠠᠵᠤ ᠠᠬᠤᠶᠢᠯᠠᠯ | ᠪᠡᠯᠡ ᠮᠦᠩᠬᠦ ᠭᠠᠷᠭᠠᠬᠤ᠂ ᠨᠢᠭᠡᠳᠦᠯᠳᠡᠢ ᠲᠦᠯᠦᠪᠯᠡᠨ ᠬᠤᠪᠢᠶᠠᠷᠢᠯᠠᠨ ᠭᠡᠷᠡᠭᠵᠢᠭᠦᠯᠭᠦ᠂ ᠨᠡᠶᠢᠬᠡᠮ ᠠᠴᠠ ᠬᠢᠨᠡᠯᠳᠡ | ᠲᠠᠯᠪᠢᠬᠤ ᠵᠡᠷᠭᠡ ᠠᠷᠭ᠎ᠠ ᠭᠡᠯᠪᠡᠷᠢ ᠪᠠᠷ ᠪᠠᠶᠠᠨᠭᠤᠤᠯ ᠨᠡᠭᠦᠷᠡᠰᠦᠨ ᠠᠭᠤᠷᠬᠠᠢ ᠨᠢ ᠠᠭᠤᠷᠬᠠᠢ ᠶᠢᠨ ᠬᠠᠵᠠᠭᠤ | ᠬᠠᠪᠢ ᠳᠠᠬᠢ ᠮᠠᠯᠴᠢᠨ ᠲᠠᠷᠢᠶᠠᠴᠢᠨ ᠢ ᠠᠭᠤᠷᠬᠠᠢ ᠨᠡᠭᠡᠭᠡᠭᠦ ᠲᠠᠰ ᠲᠠᠷᠠᠭᠠᠯᠠᠯ ᠢᠶᠠᠷ ᠤᠯᠠᠭᠠᠨᠳᠤᠯᠤᠭᠠᠢ ᠪᠠᠯᠭᠠᠰᠤᠨ ᠤ | ᠤᠷᠤᠬᠰᠢᠯᠠᠯᠳᠠ ᠲᠤᠰᠬᠤᠨ ᠳᠤ ᠲᠦᠪᠬᠢᠨᠡᠬᠦᠯᠬᠦ ᠪᠠ ᠵᠤᠭᠤᠰ ᠢᠶᠠᠷ ᠲᠦᠪᠬᠢᠨᠡᠭᠦᠯᠭᠦ ᠠᠷᠭ᠎ᠠ ᠶᠢ ᠠᠪᠤᠬᠰᠠᠨ ᠪᠠᠶᠢᠨ᠎ᠠ᠃ | | ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠠᠭᠤᠷᠬᠠᠢ ᠶᠢᠨ ᠤᠷᠤᠨ ᠨᠢ 2017 ᠤᠨ ᠠᠴᠠ ᠡᠬᠢᠯᠡᠵᠤ | ᠠᠭᠤᠷᠬᠠᠢ ᠶᠢᠨ ᠤᠷᠤᠨ ᠤ ᠠᠷᠠᠳ ᠢ ᠨᠡᠭᠦᠯᠭᠡᠨ ᠲᠦᠪᠬᠢᠨᠡᠭᠦᠯᠭᠦ ᠴᠡᠭ ᠢ ᠪᠠᠶᠢᠭᠤᠯᠵᠤ ᠡᠷᠦᠭᠡ ᠪᠠᠷ ᠨᠢᠭᠡᠴᠢ ᠪᠤᠯᠭᠠᠨ | ᠰᠤᠶᠢᠳᠭᠡᠯ ᠦᠬᠡᠢ ᠪᠠᠷ ᠭᠦᠮᠦᠨ ᠪᠤᠯᠭᠠᠨ ᠳᠤ 30 ᠲᠡᠭᠰᠢ ᠲᠦᠷᠪᠡᠯᠵᠢᠨ ᠮᠧᠲᠷ ᠤᠨ ᠤᠷᠤᠨ ᠰᠠᠭᠤᠴᠠ ᠬᠠᠩᠭᠠᠨ | ᠡᠬᠢᠨ ᠤ ᠬᠤᠭᠤᠴᠠᠭᠠᠨ ᠳᠤ 33 ᠡᠷᠦᠭᠡ ᠳᠤ ᠲᠦᠪᠬᠢᠨᠡᠭᠦᠯᠭᠡ ᠶᠢᠨ ᠪᠠᠶᠢᠰᠢᠩ ᠲᠤᠬᠢᠷᠠᠭᠤᠯᠤᠬᠰᠠᠨ ᠮᠦᠷᠳᠡᠭᠡᠨ | ᠭᠦᠮᠦᠷᠭᠡ᠂ ᠬᠠᠰᠢᠶ᠎ᠠ ᠰᠠᠷᠠᠪᠴᠢ ᠲᠤᠬᠢᠷᠠᠭᠤᠯᠵᠤ ᠭᠠᠴᠠᠭᠠᠨ ᠤ ᠨᠠᠶᠢᠳᠠ ᠶᠢᠨ ᠠᠵᠤ ᠠᠬᠤᠢ ᠪᠠᠨ ᠨᠡᠮᠡᠭᠳᠡᠭᠦᠯᠦᠨ | ᠨᠠᠭᠦᠨ ᠰᠢᠯᠵᠢᠭᠰᠡᠨ ᠠᠷᠠᠳ ᠤᠨ ᠠᠳᠠᠯ ᠠᠬᠤᠢ ᠶᠢᠨ ᠰᠤᠶᠢᠳᠭᠡᠯ ᠪᠡ ᠲᠤᠯᠠᠭᠠᠯᠠᠮᠵᠢ ᠶᠢᠨ ᠰᠤᠶᠢᠳᠭᠡᠯ ᠢ ᠨᠢ | ᠨᠦᠭᠦᠵᠦ ᠦᠭᠭᠦ ᠪᠠᠷ ᠲᠦᠯᠦᠪᠯᠡᠵᠤ 2018 ᠤᠨ ᠤ 6 ᠰᠠᠷ᠎ᠠ ᠳᠤ ᠪᠠᠷᠢᠯᠭ᠎ᠠ ᠲᠠᠭᠤᠰᠤᠬᠰᠠᠨ ᠪᠠᠶᠢᠨ᠎ᠠ᠃ ᠪᠠᠷᠢᠯᠭ᠎ᠠ | ᠶᠢᠨ ᠶᠡᠷᠦᠩᠭᠡᠢ ᠲᠡᠯᠡᠪᠡᠢ ᠨᠢ 8530.8 ᠲᠡᠭᠰᠢ ᠲᠦᠷᠪᠡᠯᠵᠢᠨ ᠮᠧᠲᠷ ᠪᠠᠶᠢᠵᠦ ᠡᠭᠦᠨ ᠳᠤ ᠤᠷᠤᠨ ᠰᠠᠭᠤᠴᠠ ᠶᠢᠢᠨ | ᠲᠡᠯᠡᠪᠡᠢ ᠨᠢ 3165 ᠲᠡᠭᠰᠢ ᠲᠦᠷᠪᠡᠯᠵᠢᠨ ᠮᠧᠲᠷ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢᠨ ᠲᠠᠯᠠᠪᠠᠢ ᠨᠢ | 3945 ᠲᠡᠭᠰᠢ ᠲᠦᠷᠪᠡᠯᠵᠢᠨ ᠮᠧᠲᠷ᠂ ᠬᠤᠳᠠᠯᠳᠤᠭ᠎ᠠ ᠵᠢᠴᠢ ᠨᠠᠶᠢᠳᠠ ᠶᠢᠨ ᠭᠡᠷᠡᠭᠯᠡᠭᠡᠨ ᠤ ᠪᠠᠶᠢᠰᠢᠩ 1420 | ᠲᠡᠭᠰᠢ ᠲᠦᠷᠪᠡᠯᠵᠢᠨ ᠮᠧᠲᠷ ᠪᠠᠶᠢᠵᠤ ᠤᠯᠠᠭᠠᠨᠳᠤᠯᠤᠭᠠᠢ ᠪᠠᠯᠭᠠᠰᠤᠨ ᠤ ᠠᠩᠬᠠᠳᠠᠬᠴᠢ ᠠᠭᠤᠷᠬᠠᠢ ᠶᠢᠨ ᠤᠷᠤᠨ ᠤ | ᠠᠷᠠᠳ ᠤᠨ ᠨᠡᠭᠦᠯᠭᠡᠨ ᠲᠦᠪᠬᠢᠨᠡᠭᠦᠯᠭᠦ ᠴᠡᠭ ᠪᠤᠯᠤᠬᠰᠠᠨ ᠮᠦᠷᠳᠡᠭᠡᠨ ᠦᠤᠰᠢᠨ ᠬᠤᠰᠢᠭᠤᠨ ᠤ ᠠᠩᠬᠠᠳᠠᠬᠴᠢ | ᠨᠡᠭᠦᠳᠡᠯ ᠠᠷᠠᠳ ᠤᠨ ᠲᠦᠪᠬᠢᠨᠡᠭᠦᠯᠭᠡ ᠶᠢᠨ ᠴᠡᠭ ᠪᠤᠯᠤᠬᠰᠠᠨ ᠪᠠᠶᠢᠨ᠎ᠠ᠃ | ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠠᠭᠤᠷᠬᠠᠢ ᠶᠢᠨ ᠤᠷᠤᠨ ᠡᠬᠢᠨ ᠤ ᠬᠤᠭᠤᠴᠠᠭᠠᠨ ᠳᠤ 76 | ᠡᠷᠦᠭᠡ 210 ᠭᠦᠮᠦᠨ ᠢ ᠨᠡᠭᠦᠯᠭᠡᠭᠦ ᠪᠠᠷ ᠪᠠᠶᠢᠵᠤ᠂ ᠤᠳᠤ 46 ᠡᠷᠦᠭᠡ 128 ᠭᠦᠮᠦᠨ ᠢ ᠨᠢᠭᠡᠨᠳᠡ ᠨᠡᠭᠦᠯᠭᠡᠵᠤ | ᠡᠭᠦᠨ ᠳᠤ ᠨᠡᠭᠦᠳᠡᠯ ᠴᠡᠭ ᠲᠤ ᠨᠡᠭᠦᠨ ᠰᠠᠭᠤᠬᠰᠠᠨ ᠨᠢ 19 ᠡᠷᠦᠭᠡ᠂ ᠵᠤᠭᠤᠰ ᠮᠦᠩᠭᠦ ᠪᠠᠷ ᠲᠦᠪᠬᠢᠨᠡᠭᠦᠯᠦᠭᠰᠡᠨ ᠨᠢ | 27 ᠡᠷᠦᠭᠡ ᠪᠤᠯᠤᠨ᠎ᠠ᠃ ᠮᠠᠯᠴᠢᠨ ᠲᠠᠷᠢᠶᠠᠴᠢᠨ ᠤ ᠲᠤᠰ ᠪᠠᠶ᠎ᠠ ᠶᠢᠨ ᠠᠰᠢᠭ ᠲᠤᠰᠠ ᠠᠴᠠ ᠭᠠᠷᠳᠠᠨ | ᠢᠳᠡᠪᠬᠢᠳᠡᠢ ᠪᠠᠷ ᠠᠷᠭ᠎ᠠ ᠠᠪᠴᠠᠯ ᠲᠤᠬᠳᠠᠭᠠᠵᠦ ᠠᠮᠢᠳᠤᠷᠠᠯ ᠤᠶᠢᠯᠡᠳᠪᠤᠷᠢᠯᠡᠯ᠂ ᠨᠠᠰᠤ ᠵᠢᠯ ᠤᠨ ᠲᠠᠭᠠᠳᠬᠠᠯ᠂ ᠡᠮ | ᠡᠮᠨᠡᠯᠭᠡ ᠵᠢᠴᠢ ᠠᠵᠢᠯ ᠤᠯᠭᠤᠯᠳᠠ ᠵᠡᠷᠭᠡ ᠲᠠᠯ᠎ᠠ ᠪᠠᠷ ᠮᠠᠯᠴᠢᠨ ᠲᠠᠷᠢᠶᠠᠴᠢᠨ ᠤ ᠠᠰᠢᠭ ᠲᠤᠰᠠ ᠯᠤᠳᠤ ᠶᠡᠭᠡ | ᠬᠤᠪᠢᠷᠠᠯᠳᠠ ᠭᠠᠷᠤᠬᠰᠠᠨ ᠪᠠᠶᠢᠨ᠎ᠠ᠃ |