ᠭᠠᠯᠠᠭᠤᠳᠤ ᠨᠢᠭᠡᠳᠤᠭᠡᠷ ᠳᠤᠮᠢᠯᠠᠬᠰᠠᠨ ᠭᠠᠵᠠᠷ ᠤᠨ ᠬᠢᠨ ᠨᠡᠬᠦᠷᠡᠰᠤᠨ ᠠᠭᠤᠷᠬᠠᠢ ᠳᠤ ᠬᠦᠷᠴᠤ ᠭᠠᠯ ᠤᠨᠳᠠᠷᠠᠭᠠᠬᠤ ᠰᠤᠷᠢᠯᠳᠠ ᠬᠢᠪᠠ
ᠨᠡᠶᠢᠲᠡᠯᠡᠭᠰᠡᠨ ᠴᠠᠭ᠄
2018-12-20
     ᠬᠠᠷᠢᠶ᠎ᠠ ᠳᠤᠭᠤᠷᠢᠭ ᠤᠨ ᠭᠠᠯ ᠤᠨᠳᠠᠷᠠᠭᠠᠵᠤ ᠭᠠᠯ ᠤᠨ ᠠᠶᠤᠯ ᠠᠴᠠ ᠰᠡᠷᠭᠡᠶᠢᠯᠡᠬᠦ ᠠᠵᠢᠯ ᠢ ᠡᠷᠴᠢᠮᠳᠡᠢ ᠬᠢᠵᠤ ᠶᠢᠩ ᠫᠠᠨ ᠬᠤᠤ ᠨᠡᠬᠦᠷᠡᠰᠤᠨ ᠠᠭᠤᠷᠬᠠᠢ ᠶᠢᠨ ᠠᠵᠢᠯᠴᠢᠳ ᠤᠨ ᠭᠠᠯ ᠤᠨᠳᠠᠷᠠᠭᠠᠵᠤ ᠭᠠᠯ ᠤᠨ ᠠᠶᠤᠯ ᠠᠴᠠ ᠰᠡᠷᠭᠡᠶᠢᠯᠡᠬᠦ ᠮᠡᠳᠡᠯᠭᠡ ᠮᠡᠷᠭᠡᠵᠢᠯ ᠢ ᠳᠡᠭᠡᠭᠰᠢᠯᠡᠬᠦᠯᠤᠨ ᠭᠠᠯ ᠤᠨ ᠠᠶᠤᠯ ᠠᠴᠠ ᠦᠪᠡᠷ ᠢ ᠪᠠᠨ ᠠᠪᠤᠷᠠᠵᠤ ᠬᠠᠮᠠᠭᠠᠯᠠᠬᠤ ᠴᠢᠳᠠᠪᠤᠷᠢ ᠶᠢ ᠨᠡᠮᠡᠭᠳᠡᠬᠦᠯᠬᠦ ᠶᠢᠨ ᠲᠦᠯᠦᠬᠡ ᠤᠶᠢᠷ᠎ᠠ ᠳᠤ᠂ ᠭᠠᠯᠠᠭᠤᠳᠤ ᠨᠢᠭᠡᠳᠤᠭᠡᠷ ᠳᠤᠮᠢᠯᠠᠬᠰᠠᠨ ᠭᠠᠵᠠᠷ ᠤᠨ ᠬᠢᠨ ᠶᠢᠩ ᠫᠠᠨ ᠬᠤᠤ ᠨᠡᠬᠦᠷᠡᠰᠤᠨ ᠠᠭᠤᠷᠬᠠᠢ ᠳᠤ ᠬᠦᠷᠴᠤ ᠭᠠᠯ ᠤᠨᠳᠠᠷᠠᠭᠠᠬᠤ ᠰᠤᠷᠢᠯᠳᠠ ᠬᠢᠪᠡ᠃      ᠡᠨᠡ ᠤᠳᠠᠭᠠᠨ ᠤ ᠰᠤᠷᠢᠯᠳᠠ ᠳᠤ ᠺᠠᠳ᠋ᠷ ᠴᠠᠬᠳᠠᠭ᠎ᠠ ᠨᠠᠷ ᠶᠢᠩ ᠫᠠᠨ ᠬᠤᠤ ᠨᠡᠬᠦᠷᠡᠰᠤᠨ ᠠᠭᠤᠷᠬᠠᠢ ᠶᠢᠨ ᠪᠠᠷᠢᠯᠭ᠎ᠠ ᠶᠢᠨ ᠪᠦᠳᠤᠴᠡ᠂ ᠭᠠᠯ ᠤᠨᠳᠠᠷᠠᠭᠠᠬᠤ ᠳᠦᠬᠦᠭᠡᠷᠤᠮᠵᠢ ᠪᠠ ᠭᠠᠯ ᠤᠨᠳᠠᠷᠠᠭᠠᠬᠤ ᠤᠰᠤᠨ ᠤ ᠢᠷᠡᠯᠳᠡ ᠶᠢᠨ ᠳᠠᠷᠬᠠᠯᠳᠠ ᠶᠢᠨ ᠪᠠᠶᠢᠳᠠᠯ ᠢ ᠨᠠᠷᠢᠯᠢᠭ ᠤᠶᠢᠯᠠᠭᠠᠨ ᠭᠠᠯ ᠤᠨᠳᠠᠷᠠᠭᠠᠬᠤ ᠶᠢ ᠪᠠᠴᠢᠮ ᠠᠷᠭᠠᠴᠠᠭᠠᠬᠤ ᠳᠦᠰᠤᠯ ᠢ ᠳᠤᠬᠳᠠᠭᠠᠨ ᠭᠡᠷᠡᠭᠵᠢᠬᠦᠯᠪᠡ᠃ ᠳᠡᠳᠡ ᠰᠤᠷᠢᠯᠳᠠ ᠳᠤ ᠠᠭᠤᠷᠬᠠᠢ ᠶᠢᠨ ᠬᠤᠳᠳᠤᠭ ᠳᠤᠳᠤᠷᠠᠬᠢ ᠬᠦᠮᠤᠰ ᠢ ᠳᠠᠷᠬᠠᠭᠠᠵᠤ ᠵᠠᠶᠢᠯᠠᠭᠤᠯᠬᠤ ᠭᠠᠯ ᠤᠨᠳᠠᠷᠠᠭᠠᠬᠤ ᠰᠢᠬᠠᠭᠤᠷ ᠢ ᠨᠡᠭᠡᠭᠡᠵᠤ ᠭᠡᠷᠡᠭᠯᠡᠬᠦ᠂ 119 ᠤᠳᠠᠰᠤ ᠶᠢ ᠵᠠᠯᠭᠠᠬᠤ ᠵᠢᠴᠢ ᠪᠠᠴᠢᠮ ᠠᠷᠭᠠᠴᠠᠭᠠᠬᠤ ᠳᠦᠰᠤᠯ ᠢ ᠡᠬᠢᠯᠡᠵᠤ ᠭᠡᠷᠡᠭᠵᠢᠬᠦᠯᠬᠦ ᠳᠠᠯ᠎ᠠ ᠪᠠᠷ ᠶᠢᠩ ᠫᠠᠨ ᠬᠤᠤ ᠨᠡᠬᠦᠷᠡᠰᠤᠨ ᠠᠭᠤᠷᠬᠠᠢ ᠶᠢᠨ ᠠᠵᠢᠯᠳᠠᠳ ᠲᠠᠢ ᠬᠠᠮᠵᠢᠯᠴᠠᠨ ᠠᠵᠢᠯᠯᠠᠬᠰᠠᠨ ᠪᠠᠶᠢᠨ᠎ᠠ᠃      ᠰᠤᠷᠢᠯᠳᠠ ᠪᠠᠷ ᠳᠠᠮᠵᠢᠨ ᠳᠤᠰ ᠨᠡᠬᠦᠷᠡᠰᠤᠨ ᠠᠭᠤᠷᠬᠠᠢ ᠶᠢᠨ ᠠᠵᠢᠯᠴᠢᠳ ᠦᠪᠡᠷ ᠢ ᠪᠠᠨ ᠠᠪᠤᠷᠠᠵᠤ ᠬᠠᠮᠠᠭᠠᠯᠠᠬᠤ ᠦᠨᠳᠤᠰᠤᠨ ᠮᠡᠳᠡᠯᠭᠡ ᠶᠢ ᠡᠵᠡᠮᠰᠢᠨ ᠭᠠᠯ ᠤᠨᠳᠠᠷᠠᠭᠠᠬᠤ ᠳᠦᠬᠦᠭᠡᠷᠤᠮᠵᠢ ᠶᠢ ᠭᠡᠷᠡᠭᠯᠡᠬᠦ ᠳᠠᠯ᠎ᠠ ᠪᠠᠷ ᠨᠡᠩ ᠬᠦᠨᠵᠡᠭᠡᠢ ᠤᠶᠢᠯᠠᠭᠠᠵᠤ ᠡᠯ᠎ᠠ ᠵᠦᠢᠯ ᠤᠨ ᠭᠠᠯ ᠤᠨᠳᠠᠷᠠᠭᠠᠵᠤ ᠭᠠᠯ ᠤᠨ ᠠᠶᠤᠯ ᠠᠴᠠ ᠰᠡᠷᠭᠡᠶᠢᠯᠡᠬᠦ ᠮᠡᠳᠡᠯᠭᠡ ᠶᠢ ᠪᠤᠯᠪᠠᠰᠤᠷᠠᠩᠭᠤᠢ ᠡᠵᠡᠮᠰᠢᠨ ᠠᠮᠤᠷ ᠳᠦᠪᠰᠢᠨ ᠠᠵᠢᠯᠯᠠᠬᠤ ᠳᠤᠨᠢ ᠪᠠᠳᠤᠯᠠᠭ᠎ᠠ ᠪᠤᠯᠤᠬᠰᠠᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号