| | | | ᠨᠠᠮ ᠤᠨ ᠠᠷᠪᠠ ᠶᠢᠰᠤᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠲᠠᠪᠦᠷᠢᠵᠢᠭᠤᠯᠵᠦ᠂ ᠴᠦᠭᠡᠨ ᠲᠤᠭᠠᠲᠤ ᠦᠨᠲᠦᠰᠦᠲᠠᠨ ᠤ ᠺᠠᠳ᠋ᠷᠴᠤᠳ ᠤᠨ ᠡᠩᠨᠡᠭᠡ ᠶᠢᠨ ᠴᠢᠲᠠᠪᠤᠷᠢ ᠪᠠ ᠬᠢᠷᠢ | ᠲᠦᠪᠰᠢᠨ ᠢ ᠲᠡᠭᠡᠭᠰᠢᠯᠡᠭᠦᠯᠦᠨ᠂ ᠲᠤᠬᠠᠶᠢᠯᠠᠬᠰᠠᠨ ᠠᠵᠢᠯ ᠤᠨ ᠬᠦᠭᠵᠢᠯᠲᠡ ᠶᠢ ᠠᠬᠢᠭᠤᠯᠬᠤ ᠶᠢᠨ ᠲᠤᠰᠠᠲᠠ᠂ 12 | ᠰᠠᠷ᠎ᠠ ᠶᠢᠨ 13 ᠤ ᠡᠲᠤᠷ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠨᠢᠭᠡᠲᠦᠮᠡᠯ | ᠹᠷᠤᠨᠲ ᠤᠨ ᠬᠡᠯᠲᠡᠰ᠂ ᠨᠠᠮ ᠤᠨ ᠰᠤᠷᠭᠠᠭᠤᠯᠢ ᠬᠠᠮᠲᠤᠷᠠᠨ ᠡᠷᠬᠢᠯᠡᠭᠰᠡᠨ ᠪᠦᠬᠦ ᠬᠤᠰᠢᠭᠤᠨ ᠤ ᠴᠦᠭᠡᠨ ᠲᠤᠭᠠᠲᠤ | ᠦᠨᠲᠦᠰᠦᠲᠠᠨ ᠤ ᠺᠠᠳ᠋ᠷ ᠤᠨ ᠪᠤᠯᠪᠠᠰᠤᠷᠠᠯ ᠤᠨ ᠠᠩᠭᠢ ᠬᠢᠴᠢᠶᠠᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠭᠦᠨ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ ᠠᠯᠲᠠᠨᠲᠤᠶᠠᠭ᠎ᠠ ᠵᠢᠴᠢ ᠪᠦᠬᠦ | ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ ᠶᠢᠨ 80 ᠭᠠᠷᠤᠢ ᠴᠦᠭᠡᠨ ᠲᠤᠭᠠᠲᠤ ᠦᠨᠲᠦᠰᠦᠲᠠᠨ ᠤ ᠺᠠᠳ᠋ᠷ | ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ | | | | | | ᠪᠤᠯᠪᠠᠰᠤᠷᠠᠯ ᠲᠡᠭᠡᠷ᠎ᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ᠂ ᠬᠤᠲᠠ ᠬᠤᠰᠢᠭᠤ ᠶᠢᠨ | ᠨᠠᠮ ᠤᠨ ᠰᠤᠷᠭᠠᠭᠤᠯᠢ ᠶᠢᠨ ᠪᠠᠭᠰᠢ ᠨᠠᠷ ᠠᠴᠠ ᠰᠢ ᠶᠢᠨ ᠫᠢᠩ ᠶᠡᠷᠤᠩᠭᠡᠢ ᠱᠦᠵᠢ ᠶᠢᠨ ᠴᠦᠭᠡᠨ ᠲᠤᠭᠠᠲᠤ | ᠦᠨᠲᠦᠰᠦᠲᠠᠨ ᠤ ᠤᠷᠤᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠢᠬᠤᠯᠠ ᠪᠠᠶᠢᠯᠲᠤᠬᠤ ᠪᠤᠲᠤᠯᠭ᠎ᠠ ᠶᠢᠨ ᠪᠠᠶᠢᠷᠢ ᠰᠠᠭᠤᠷᠢ᠂ | ᠦᠪᠡᠷᠲᠡᠭᠡᠨ ᠵᠠᠰᠠᠬᠤ ᠤᠷᠤᠨ ᠤ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠴᠢᠬᠤᠯᠠ ᠭᠤᠭᠴᠤᠭ᠎ᠠ | ᠵᠢᠴᠢ ᠦᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ ᠤᠯᠤᠰ ᠠᠴᠠ ᠴᠦᠭᠡᠨ ᠲᠤᠭᠠᠲᠤ ᠦᠨᠲᠦᠰᠦᠲᠠᠨ ᠤ | ᠤᠷᠤᠨ ᠢ ᠶᠡᠬᠡᠪᠠᠷ ᠨᠡᠭᠡᠭᠡᠨ ᠬᠦᠭᠵᠢᠭᠦᠯᠵᠦ᠂ ᠴᠦᠭᠡᠨ ᠲᠤᠭᠠᠲᠤ ᠦᠨᠲᠦᠰᠦᠲᠠᠨ ᠤ ᠦᠭᠡ ᠬᠡᠯᠡ᠂ ᠦᠰᠦᠭ ᠪᠢᠴᠢᠭ | ᠂ ᠵᠠᠩ ᠵᠠᠩᠰᠢᠯ ᠢ ᠬᠦᠨᠳᠦᠳᠬᠡᠨ ᠬᠢᠯᠢ ᠬᠢᠵᠠᠭᠠᠷ ᠤᠷᠤᠨ ᠤ ᠴᠦᠭᠡᠨ ᠲᠤᠭᠠᠲᠤ ᠦᠨᠳᠦᠰᠦᠲᠠᠨ ᠤ ᠤᠷᠤᠨ ᠤ | ᠰᠤᠶᠤᠯ ᠵᠢᠭᠤᠯᠴᠢᠯᠠᠯ᠂ ᠵᠠᠮ ᠬᠠᠷᠢᠯᠴᠠᠭ᠎ᠠ᠂ ᠰᠤᠷᠭᠠᠨ ᠬᠦᠮᠦᠵᠢᠯ᠂ ᠡᠮ ᠡᠮᠨᠡᠯᠭᠡ ᠶᠢᠨ ᠬᠤᠪᠢᠷᠠᠯᠲᠠ ᠬᠦᠭᠵᠢᠯᠲᠡ | ᠵᠡᠷᠭᠡ ᠠᠭᠤᠯᠭ᠎ᠠ ᠶᠢᠨ ᠲᠤᠭᠤᠷᠢᠨ ᠳᠤ ᠰᠤᠷᠤᠯᠴᠠᠯᠭ᠎ᠠ ᠦᠷᠨᠢᠭᠦᠯᠦᠭᠰᠡᠨ ᠪᠠᠶᠢᠨ᠎ᠠ᠃ | ᠦᠢᠯᠠᠭᠠᠭᠰᠠᠨ ᠢᠶᠠᠷ ᠲᠤᠰ ᠤᠲᠠᠭᠠᠨ ᠤ ᠪᠤᠯᠪᠠᠰᠤᠷᠠᠯ ᠳᠤ ᠵᠠᠯᠠᠭᠤ ᠺᠠᠳ᠋ᠷᠴᠤᠳ ᠵᠤᠩᠭᠢᠯᠠᠬᠤ ᠲᠤᠭ᠎ᠠ ᠶᠢ | ᠡᠵᠡᠯᠡᠨ᠂ ᠴᠦᠭᠡᠨ ᠲᠤᠭᠠᠲᠤ ᠦᠨᠲᠦᠰᠦᠲᠠᠨ ᠤ ᠺᠠᠳ᠋ᠷᠴᠤᠳ ᠤᠨ ᠡᠩᠨᠡᠭᠡ ᠵᠠᠯᠠᠭᠤᠵᠢᠵᠦ ᠪᠠᠶᠢᠭ᠎ᠠ ᠶᠢ ᠬᠠᠷᠠᠭᠤᠯᠤᠨ᠂ | ᠪᠤᠯᠪᠠᠰᠤᠷᠠᠯ ᠨᠢ ᠦᠷᠭᠡᠨ ᠤᠯᠠᠨ ᠺᠠᠳ᠋ᠷᠴᠤᠳ ᠤᠨ ᠦᠵᠡᠯ ᠲᠠᠨᠢᠯᠲᠠ ᠴᠢᠲᠠᠪᠦᠷᠢ ᠶᠢ ᠲᠡᠭᠡᠭᠰᠢᠯᠡᠭᠦᠯᠬᠦ ᠶᠢᠨ ᠬᠠᠮᠲᠤ | ᠦᠢᠯᠡᠲᠦᠯᠭᠡ ᠲᠤᠮᠲᠠ ᠪᠠᠨ ᠨᠡᠩ ᠢᠯᠡᠭᠦᠦ ᠰᠢᠨ᠎ᠡ ᠰᠡᠳᠬᠢᠭᠦᠢ᠂ ᠰᠢᠨ᠎ᠡ ᠠᠷᠭ᠎ᠠ ᠪᠠᠷᠢᠯ ᠢᠶᠠᠷ ᠲᠤᠬᠠᠶᠢᠯᠠᠭᠰᠠᠨ | ᠠᠵᠢᠯ ᠢᠶᠠᠨ ᠰᠠᠶᠢᠲᠤᠷ ᠬᠢᠵᠦ᠂ ᠠᠵᠢᠯ ᠳᠤ ᠪᠠᠨ ᠰᠢᠨ᠎ᠡ ᠬᠢᠷᠢ ᠪᠦᠲᠦᠮᠵᠢ ᠭᠠᠷᠭᠠᠬᠤ ᠤᠷᠮ᠎ᠠ ᠵᠤᠷᠢᠭ ᠢ ᠨᠢ | ᠬᠦᠪᠴᠢᠯᠡᠨ᠂ ᠡᠯ᠎ᠡ ᠦᠨᠲᠦᠰᠦᠲᠠᠨ ᠤ ᠪᠦᠯᠬᠦᠮᠲᠡᠯ ᠢ ᠨᠢᠭᠲᠠᠷᠠᠭᠤᠯᠵᠤ ᠨᠤᠮᠢᠨ ᠲᠠᠩᠰᠤᠭ ᠦᠤᠰᠢᠨ ᠤ ᠨᠤᠮᠢᠨ | ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠬᠦᠴᠦᠨ ᠴᠢᠲᠠᠯ ᠢ ᠨᠢ ᠬᠦᠪᠴᠢᠯᠡᠭᠰᠡᠨ ᠪᠠᠶᠢᠨ᠎ᠠ᠃ |