ᠪᠦᠬᠦ ᠬᠤᠰᠢᠭᠤᠨ ᠤ ᠨᠠᠮ ᠤᠨ ᠭᠠᠳᠠᠨᠠᠬᠢ ᠺᠠᠳ᠋ᠷᠴᠣᠳ ᠤᠨ ᠭᠤᠷᠪᠠᠳᠣᠭᠠᠷ ᠤᠳᠠᠭᠠᠨ ᠤ ᠪᠣᠯᠪᠠᠰᠣᠷᠠᠯ ᠤᠨ ᠠᠩᠬᠢ ᠬᠢᠴᠢᠶᠡᠯ ᠡᠬᠢᠯᠡᠯ᠎ᠡ
ᠨᠡᠶᠢᠲᠡᠯᠡᠭᠰᠡᠨ ᠴᠠᠭ᠄
2018-12-20
     
     ᠨᠠᠮ ᠤᠨ ᠭᠠᠳᠠᠨᠠᠬᠢ ᠺᠠᠳ᠋ᠷᠴᠣᠳ ᠤᠨ ᠴᠢᠳᠠᠪᠣᠷᠢ ᠪᠠ ᠬᠢᠷᠢ ᠲᠦᠪᠰᠢᠨ ᠢ ᠳᠡᠭᠡᠭᠰᠢᠯᠡᠬᠦᠯᠵᠦ᠂ ᠳᠣᠮᠳᠠᠳᠣ ᠣᠯᠣᠰ ᠤᠨ ᠡᠪ ᠬᠠᠮᠲᠣ ᠨᠠᠮ ᠢᠶᠠᠷ ᠵᠢᠯᠣᠭᠤᠳᠣᠭᠤᠯᠣᠭᠰᠠᠨ ᠣᠯᠠᠨ ᠨᠠᠮ ᠬᠠᠮᠳᠣᠷᠠᠭᠰᠠᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠬᠤ ᠶᠢᠨ ᠲᠤᠰᠠᠲᠠ᠂ 12 ᠰᠠᠷ᠎ᠠ ᠶᠢᠨ 11 ᠤ ᠡᠲᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ᠂ ᠨᠢᠭᠡᠳᠦᠮᠡᠯ ᠹᠷᠣᠨᠲ ᠤᠨ ᠬᠡᠯᠳᠡᠰ᠂ ᠨᠠᠮ ᠤᠨ ᠰᠣᠷᠭᠠᠭᠤᠯᠢ ᠬᠠᠮᠳᠣᠷᠠᠨ ᠡᠷᠬᠢᠯᠡᠭᠰᠡᠨ ᠪᠦᠬᠦ ᠬᠤᠰᠢᠭᠤᠨ ᠤ ᠨᠠᠮ ᠤᠨ ᠭᠠᠳᠠᠨᠠᠬᠢ ᠺᠠᠳ᠋ᠷᠴᠣᠳ ᠤᠨ ᠭᠤᠷᠪᠠᠳᠣᠭᠠᠷ ᠤᠳᠠᠭᠠᠨ ᠤ ᠪᠣᠯᠪᠠᠰᠣᠷᠠᠯ ᠤᠨ ᠠᠩᠬᠢ ᠬᠢᠴᠢᠶᠡᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ ᠵᠢᠴᠢ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ ᠶᠢᠨ 130 ᠭᠠᠷᠣᠢ ᠨᠠᠮ ᠤᠨ ᠭᠠᠳᠠᠨᠠᠬᠢ ᠺᠠᠳ᠋ᠷᠴᠣᠳ ᠡᠬᠢᠯᠡᠯᠲᠡ ᠶᠢᠨ ᠶᠤᠰᠤᠯᠠᠯ ᠳᠤ ᠣᠷᠣᠯᠴᠠᠭᠰᠠᠨ ᠪᠠᠶᠢᠨ᠎ᠠ᠃
     ᠬᠤᠷᠠᠯ ᠠᠴᠠ ᠴᠢᠬᠤᠯᠠᠴᠢᠯᠠᠬᠤ ᠳᠠᠭᠠᠨ ᠦᠷᠭᠡᠨ ᠣᠯᠠᠨ ᠨᠠᠮ ᠤᠨ ᠭᠠᠳᠠᠨᠠᠬᠢ ᠺᠠᠳ᠋ᠷᠴᠣᠳ ᠦᠪᠡᠷ ᠤᠨ ᠴᠢᠳᠠᠪᠣᠷᠢ ᠪᠠ ᠬᠢᠷᠢ ᠳᠦᠪᠰᠢᠨ ᠢᠶᠠᠨ ᠪᠦᠬᠦ ᠲᠠᠯ᠎ᠠ ᠢᠶᠠᠷ ᠳᠡᠭᠡᠭᠰᠢᠯᠡᠬᠦᠯᠵᠦ᠂ ᠨᠠᠮ ᠤᠨ ᠳᠦᠷᠢᠮ ᠳᠣᠭᠳᠠᠭᠠᠯ ᠪᠠ ᠱᠠᠭᠠᠷᠳᠠᠯᠭ᠎ᠠ ᠶᠢ ᠵᠢᠷᠣᠮᠯᠠᠨ ᠳᠠᠭᠠᠵᠣ᠂ ᠨᠠᠮ ᠤᠨ ᠱᠣᠭᠤᠮ ᠴᠢᠭᠯᠡᠯᠳᠡ᠂ ᠳᠦᠷᠦ ᠶᠢᠨ ᠪᠣᠳᠣᠯᠭ᠎ᠠ ᠶᠢ ᠬᠡᠷᠡᠭᠵᠢᠬᠦᠯᠦᠨ ᠲᠤᠭᠤᠰᠢᠯᠠᠭᠤᠯᠵᠤ᠂ ᠠᠷᠢᠭᠤᠨ ᠴᠢᠬᠡᠴᠢ᠂ ᠰᠠᠬᠢᠯᠭ᠎ᠠ ᠪᠠᠲᠤᠴᠢ ᠴᠢᠨᠠᠷ ᠢ ᠰᠤᠷᠤᠯᠴᠠᠨ ᠪᠠᠷᠢᠮᠳᠠᠯᠠᠵᠣ᠂ ᠦᠵᠡᠯ ᠰᠠᠨᠠᠭ᠎ᠠ᠂ ᠵᠣᠷᠢᠯᠳᠠ᠂ ᠦᠢᠯᠡ ᠠᠵᠢᠯᠯᠠᠭ᠎ᠠ ᠪᠠᠨ ᠨᠠᠮ ᠲᠠᠢ ᠨᠢᠭᠡᠳᠬᠡᠵᠦ ᠴᠠᠭ ᠤᠨ ᠪᠠᠶᠢᠳᠠᠯ ᠢ ᠳᠠᠨᠢᠵᠦ ᠡᠬᠦᠷᠭᠡ ᠬᠠᠷᠢᠭᠤᠴᠠᠯᠭ᠎ᠠ ᠪᠠᠨ ᠪᠡᠶᠡᠯᠡᠬᠦᠯᠦᠨ ᠬᠦᠢᠴᠡᠳᠬᠡᠵᠦ᠂ ᠰᠠᠨᠠᠯ ᠰᠠᠨᠠᠭᠤᠯᠭ᠎ᠠ ᠪᠠᠨ ᠲᠡᠪᠰᠢᠭᠦᠯᠵᠦ ᠪᠠᠶᠢᠬᠤ ᠬᠡᠷᠡᠭᠲᠡᠢ ᠬᠡᠪᠠ᠃
     ᠪᠣᠯᠪᠠᠰᠣᠷᠠᠯ ᠲᠡᠭᠡᠷ᠎ᠡ ᠣᠷᠳᠣᠰ ᠬᠤᠳᠠ ᠶᠢᠨ ᠨᠠᠮ ᠤᠨ ᠰᠣᠷᠭᠠᠭᠤᠯᠢ ᠪᠠ ᠬᠤᠰᠢᠭᠤ ᠨᠠᠮ ᠤᠨ ᠰᠣᠷᠭᠠᠭᠤᠯᠢ ᠶᠢᠨ ᠪᠠᠭᠰᠢ ᠠᠴᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠱᠠᠰᠢᠨ ᠰᠣᠷᠳᠠᠬᠤᠨ ᠤ ᠠᠵᠢᠯ ᠤᠨ ᠳᠣᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠡᠷᠭᠡ ᠠᠭᠤᠯᠭ᠎ᠠ ᠶᠢᠨ ᠲᠤᠭᠤᠷᠢᠨ ᠳᠤ ᠰᠤᠷᠤᠯᠴᠠᠯᠭ᠎ᠠ ᠦᠷᠨᠢᠬᠦᠯᠵᠦ᠂ ᠨᠠᠮ ᠤᠨ ᠭᠠᠳᠠᠨᠠᠬᠢ ᠦᠷᠭᠡᠨ ᠤᠯᠠᠨ ᠺᠠᠳ᠋ᠷᠴᠤᠳ ᠤᠨ ᠦᠵᠡᠯ ᠲᠠᠨᠢᠯᠲᠠ ᠴᠢᠳᠠᠪᠦᠷᠢ ᠶᠢ ᠳᠡᠭᠡᠭᠰᠢᠯᠡᠬᠦᠯᠵᠦ᠂ ᠰᠤᠷᠤᠯᠴᠠᠯᠭ᠎ᠠ ᠶᠢᠨ ᠤᠷᠮ᠎ᠠ ᠶᠢ ᠭᠦᠭᠵᠢᠭᠡᠭᠰᠡᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号