ᠤᠶᠢᠷ᠎ᠠ ᠶᠢᠨ ᠡᠳᠦᠷ᠂ ᠤᠯᠤᠰ ᠤᠨ ᠦᠨᠳᠤᠰᠤᠳᠡᠨ ᠤ ᠭᠡᠷᠡᠭ ᠡᠷᠭᠢᠯᠡᠬᠦ ᠵᠦᠪᠯᠡᠯ ᠠᠴᠠ ︽2018 ᠤᠨ ᠤ | ᠪᠦᠭᠦ ᠤᠯᠤᠰ ᠤᠨ ᠦᠨᠳᠤᠰᠤᠳᠡᠨ ᠤ ᠪᠦᠯᠭᠦᠮᠳᠡᠯ ᠲᠡᠪᠰᠢᠯᠳᠡ ᠶᠢᠨ ᠵᠢᠱᠢᠶ᠎ᠠ ᠦᠵᠡᠭᠦᠯᠭᠦ ᠤᠷᠤᠨ ︵ᠨᠢᠭᠡᠴᠢ︶ ᠢ | ᠡᠭᠦᠳᠦᠨ ᠪᠠᠶᠢᠭᠤᠯᠤᠬᠰᠠᠨ ᠵᠢᠱᠢᠭᠳᠡᠭᠰᠡᠳ ᠤᠨ ᠨᠡᠷᠡᠰ ᠤᠨ ᠠᠯᠪᠠᠨ ᠵᠡᠷᠯᠡᠯ︾ ᠢ ᠨᠡᠶᠢᠳᠡᠯᠡᠵᠤ᠂ 211 ᠨᠢᠬᠡᠴᠢ ᠪᠦᠭᠦ | ᠤᠯᠤᠰ ᠤᠨ ᠦᠨᠳᠤᠰᠤᠳᠡᠨ ᠤ ᠪᠦᠯᠭᠦᠮᠳᠡᠯ ᠲᠡᠪᠰᠢᠯᠳᠡ ᠶᠢᠨ ᠵᠢᠱᠢᠶ᠎ᠠ ᠦᠵᠡᠭᠦᠯᠭᠦ ᠤᠷᠤᠨ ︵ᠨᠢᠭᠡᠴᠢ︶ ᠢᠶᠠᠷ | ᠰᠤᠩᠭᠤᠬᠳᠠᠵᠤ᠂ ᠡᠭᠦᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 10 ᠨᠢᠭᠡᠴᠢ ᠪᠠᠶᠢᠵᠤ᠂ | ᠦᠤᠰᠢᠨ ᠬᠤᠰᠢᠭᠤ ᠨᠢᠭᠡ ᠨᠢ ᠪᠤᠯᠤᠬᠰᠠᠨ ᠪᠠᠶᠢᠨ᠎ᠠ᠃ | ᠦᠨᠳᠤᠰᠤᠳᠡᠨ ᠤ ᠪᠦᠯᠭᠦᠮᠳᠡᠯ ᠲᠡᠪᠰᠢᠯᠳᠡ ᠶᠢᠨ ᠵᠢᠱᠢᠶ᠎ᠠ ᠦᠵᠡᠭᠦᠯᠭᠦ ᠬᠤᠰᠢᠭᠤ ᠶᠢ ᠡᠭᠦᠳᠦᠨ ᠪᠠᠶᠢᠭᠤᠯᠬᠤ | ᠠᠵᠢᠯ ᠡᠬᠢᠯᠡᠭᠰᠡᠨ ᠠᠴᠠ ᠨᠠᠰᠢ᠂ ᠮᠡᠨ ᠤ ᠬᠤᠰᠢᠭᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠪᠠ ᠰᠢ ᠶᠢᠨ ᠫᠢᠩ ᠶᠡᠷᠦᠩᠭᠡᠢ ᠱᠦᠵᠢ ᠶᠢᠨ ᠦᠪᠤᠷ ᠮᠤᠩᠭᠤᠯ ᠳᠤ ᠲᠤᠷᠠᠳᠤᠬᠰᠠᠨ ︽ᠭᠤᠷᠪᠡ ᠶᠢ | ᠴᠢᠩᠭᠠᠳᠬᠠᠬᠤ︾ ᠴᠢᠬᠤᠯᠠ ᠱᠠᠭᠠᠷᠳᠠᠯᠭ᠎ᠠ ᠪᠠᠷ ᠵᠢᠯᠤᠭᠤᠳᠤᠯᠭ᠎ᠠ ᠪᠤᠯᠭᠠᠨ᠂ ᠪᠦᠭᠦ ᠬᠤᠰᠢᠭᠤᠨ ᠤ ᠦᠨᠳᠤᠰᠤᠳᠡᠨ ᠤ | ᠪᠦᠯᠭᠦᠮᠳᠡᠯ ᠲᠡᠪᠰᠢᠯᠳᠡ ᠶᠢᠨ ᠤᠯᠤᠰ ᠲᠦᠷᠦ ᠶᠢᠨ ᠰᠠᠭᠤᠷᠢ᠂ ᠦᠵᠡᠯ ᠰᠠᠨᠠᠭᠠᠨ ᠤ ᠰᠠᠭᠤᠷᠢ᠂ ᠠᠵᠤ ᠠᠬᠤᠢ ᠶᠢᠨ | ᠰᠠᠭᠤᠷᠢ᠂ ᠨᠠᠶᠢᠭᠡᠮ ᠤᠨ ᠰᠠᠭᠤᠷᠢ ᠪᠠ ᠰᠤᠶᠤᠯ ᠤᠨ ᠰᠠᠭᠤᠷᠢ ᠶᠢ ᠨᠠᠩ ᠪᠠᠬᠢᠵᠢᠭᠦᠯᠵᠦ᠂ ᠲᠤᠮᠳᠠᠳᠤ ᠶᠢᠨ | ᠦᠨᠳᠤᠰᠤᠳᠡᠨ ᠤ ᠬᠠᠮᠳᠤ ᠶᠢᠨ ᠲᠠᠨᠢᠯᠳᠡ ᠶᠢ ᠤᠯᠠᠮ ᠢᠶᠠᠷ ᠴᠢᠩᠭᠠᠳᠬᠠᠵᠤ᠂ ᠡᠯ᠎ᠠ ᠦᠨᠳᠤᠰᠤᠳᠡᠨ ᠬᠠᠷᠢᠯᠴᠠᠨ | ᠪᠦᠯᠭᠦᠮᠳᠡᠵᠤ ᠬᠠᠷᠢᠯᠴᠠᠨ ᠬᠠᠮᠵᠢᠯᠴᠠᠨ᠂ ᠬᠠᠷᠢᠯᠴᠠᠨ ᠰᠤᠯᠢᠯᠴᠠᠨ ᠠᠭᠤᠰᠤᠯᠴᠠᠬᠰᠠᠨ ᠠᠭᠤᠷ ᠠᠮᠢᠰᠬᠤᠯ ᠢ ᠪᠤᠢ | ᠪᠤᠯᠭᠠᠵᠤ᠂ ᠨᠤᠮᠢᠨ ᠲᠠᠩᠰᠤᠭ ᠦᠤᠰᠢᠨ ᠤ ᠰᠢᠨ᠎ᠠ ᠴᠠᠭ ᠦᠶ᠎ᠠ ᠶᠢᠨ ᠨᠤᠮᠢᠨ ᠲᠠᠩᠰᠤᠭ ᠬᠦᠭᠵᠢᠨ ᠮᠠᠨᠲᠤᠯᠲᠠ ᠶᠢ | ᠪᠡᠶᠡᠯᠡᠭᠦᠯᠭᠦ ᠳᠤ ᠭᠦᠴᠦᠷᠭᠡᠭ ᠶᠡᠭᠡ ᠬᠠᠮᠳᠤ ᠶᠢᠨ ᠭᠦᠴᠦ ᠶᠢ ᠨᠢᠬᠳᠠᠷᠠᠭᠤᠯᠵᠤ ᠪᠠᠶᠢᠨ᠎ᠠ᠃ | ᠬᠤᠶᠢᠰᠢᠳᠠ ᠮᠡᠨ ᠤ ᠬᠤᠰᠢᠭᠤ ᠨᠠᠩ ᠦᠨᠳᠤᠷ ᠤᠯᠤᠰ ᠲᠦᠷᠦ ᠶᠢᠨ ᠵᠤᠬᠰᠤᠴᠠ᠂ ᠨᠠᠩ ᠶᠡᠭᠡ | ᠬᠠᠷᠢᠭᠤᠴᠠᠯᠭᠠᠳᠤ ᠤᠪᠤᠷ ᠢᠶᠠᠷ ᠪᠦᠭᠦ ᠬᠤᠰᠢᠭᠤᠨ ᠤ ᠠᠵᠤ ᠠᠬᠤᠢ ᠨᠠᠶᠢᠭᠡᠮ ᠤᠨ ᠡᠯ᠎ᠠ ᠲᠦᠷᠦᠯ ᠤᠨ ᠠᠵᠢᠯ ᠢ | ᠰᠠᠶᠢᠳᠤᠷ ᠬᠢᠵᠤ᠂ ᠦᠨᠳᠤᠰᠤᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶ᠎ᠠ ᠦᠵᠡᠭᠦᠯᠭᠦ ᠬᠤᠰᠢᠭᠤ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠢ ᠦᠷᠨᠢᠭᠦᠯᠵᠦ ︽ᠦᠵᠡᠰᠭᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠭᠡᠨ | ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠭᠦᠰᠡᠯ ᠢᠶᠠᠨ ᠲᠡᠷᠭᠡᠯᠰᠢᠭᠦᠯᠭᠦ︾ ᠳᠤ ᠦᠤᠰᠢᠨ ᠠᠷᠠᠳ ᠲᠦᠮᠡᠨ ᠤ | ᠬᠠᠮᠳᠤ ᠶᠢᠨ ᠤᠶᠤᠨ ᠤᠬᠠᠭᠠᠨ ᠭᠦᠴᠦᠨ ᠴᠢᠳᠠᠯ ᠢᠶᠠᠨ ᠨᠠᠮᠠᠷᠢᠯᠡᠭᠦ ᠪᠠᠷ ᠴᠢᠷᠮᠠᠶᠢᠵᠤ ᠪᠠᠶᠢᠨ᠎ᠠ᠃ |