ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠷ᠎ᠠ ᠪᠦᠯᠦᠭᠳᠠᠨ ᠬᠠᠷᠭᠢᠰ ᠭᠦᠴᠦᠨ ᠢ ᠠᠷᠢᠯᠭᠠᠬᠤ ᠲᠦᠷᠪᠡᠳᠦᠭᠡᠷ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠤᠷᠳᠤᠰ ᠬᠤᠳᠠ ᠳᠤ ᠰᠠᠭᠤᠵᠤ ᠱᠠᠯᠠᠪᠳᠠᠭᠤᠯᠤᠨ ᠵᠢᠯᠤᠭᠤᠳᠬᠤ ᠠᠯᠪᠠᠨ ᠵᠡᠷ
ᠨᠡᠶᠢᠲᠡᠯᠡᠭᠰᠡᠨ ᠴᠠᠭ᠄
2018-12-20
     ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢ ᠦᠨᠳᠦᠰᠦᠯᠠᠵᠤ᠂ ᠬᠠᠷ᠎ᠠ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠭᠦ ᠶᠢ ᠠᠭᠢᠭᠤᠯᠬᠤ ᠶᠢᠨ ᠲᠤᠰᠠᠳᠠ ᠦᠪᠡᠷᠳᠡᠭᠡᠨ ᠵᠠᠰᠠᠬᠤ ᠤᠷᠤᠨ ᠤ ᠬᠠᠷ᠎ᠠ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠦᠷᠪᠡᠳᠦᠭᠡᠷ ᠱᠠᠯᠠᠪᠳᠠᠭᠤᠯᠤᠨ ᠵᠢᠯᠤᠭᠤᠳᠬᠤ ᠲᠤᠭᠤᠶᠢᠢᠯᠠᠩ 12 ᠰᠠᠷ᠎ᠠ ᠶᠢᠨ 10 ᠤ ᠡᠳᠦᠷ ᠤᠷᠳᠤᠰ ᠬᠤᠳᠠ ᠳᠤ ᠰᠠᠭᠤᠨ ᠠᠵᠢᠯᠯᠠᠵᠤ᠂ ᠨᠢᠭᠡ ᠰᠠᠷ᠎ᠠ ᠶᠢᠨ ᠬᠤᠭᠤᠴᠠᠭ᠎ᠠ ᠲᠠᠢ ᠱᠠᠯᠠᠪᠳᠠᠭᠤᠯᠤᠨ ᠵᠢᠯᠤᠭᠤᠳᠬᠤ ᠠᠵᠢᠯ ᠦᠷᠨᠢᠭᠦᠯᠦᠨ᠎ᠠ᠃ ᠱᠠᠯᠠᠪᠳᠠᠭᠤᠯᠤᠨ ᠵᠢᠯᠤᠭᠤᠳᠬᠤ ᠬᠤᠭᠤᠴᠠᠭᠠᠨ ᠳᠤ ᠢᠯᠠᠴᠢᠯᠠᠨ ᠮᠡᠳᠡᠭᠦᠯᠭᠦ ᠳ᠋ᠢᠶᠠᠩᠬᠤᠸᠠ ᠪᠠ ᠵᠠᠭᠢᠳᠠᠯ ᠤᠨ ᠬᠠᠶᠢᠷᠴᠠᠭ ᠭᠠᠷᠭᠠᠵᠤ᠂ ᠭᠤᠤᠯᠳᠠᠭᠤ ᠤᠷᠳᠤᠰ ᠬᠤᠳᠠ ᠶᠢᠨ ᠬᠠᠷ᠎ᠠ ᠪᠦᠯᠦᠭᠳᠡᠨ ᠬᠠᠷᠭᠢᠰ ᠭᠦᠴᠦᠨ ᠤ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠵᠢᠴᠢ ᠨᠢᠭᠤᠴᠠ ᠪᠠᠷ ᠬᠠᠮᠠᠭᠠᠯᠠᠵᠤ ᠪᠠᠶᠢᠭ᠎ᠠ ︽ᠬᠠᠮᠠᠭᠠᠯᠠᠬᠴᠢ︾ ᠶᠢᠨ ᠲᠤᠬᠠᠢ ᠠᠰᠠᠭᠤᠳᠠᠯ ᠤᠨ ᠰᠦᠪᠡᠭᠴᠢ ᠶᠢ ᠭᠦᠯᠢᠶᠠᠨ ᠠᠪᠤᠨ᠎ᠠ᠃ ᠤᠯᠠᠨ ᠲᠦᠮᠠᠨ ᠤ ᠢᠷᠡᠭᠦᠯᠦᠭᠰᠡᠨ ᠢᠯᠡᠴᠢᠯᠡᠨ ᠮᠡᠳᠡᠭᠦᠯᠦᠯᠳᠠ ᠶᠢ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠨᠠᠷᠢᠨ ᠭᠢᠨᠠᠮᠠᠭᠠᠢ ᠭᠦᠯᠢᠶᠠᠨ ᠠᠪᠴᠦ᠂ ᠬᠠᠷᠭᠤᠭᠤᠯᠤᠨ ᠪᠠᠶᠢᠴᠠᠭᠠᠵᠤ᠂ ᠬᠠᠤᠯᠢ ᠶᠤᠰᠤᠭᠠᠷ ᠨᠢᠭᠤᠴᠠ ᠶᠢ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠭᠦᠮᠦᠨ ᠤ ᠬᠠᠤᠯᠢ ᠶᠤᠰᠤᠨ ᠤ ᠡᠷᠭᠡ ᠠᠰᠢᠭ ᠢ ᠦᠨᠠᠨ ᠭᠦ ᠬᠠᠮᠠᠭᠠᠯᠠᠨ᠎ᠠ᠃      1. ᠱᠠᠯᠠᠪᠳᠠᠭᠤᠯᠤᠨ ᠵᠢᠯᠤᠭᠤᠳᠬᠤ ᠴᠠᠭ᠄ 2018 ᠤᠨ ᠤ 12 ᠰᠠᠷ᠎ᠠ ᠶᠢᠨ 10 ᠤ ᠡᠳᠦᠷ ᠠᠴᠠ 2019 ᠤᠨ ᠤ 1 ᠰᠠᠷ᠎ᠠ ᠶᠢᠨ 9 ᠤ ᠡᠳᠦᠷ᠃      2. ᠢᠯᠠᠴᠢᠯᠠᠨ ᠮᠡᠳᠡᠭᠦᠯᠭᠦ ᠳ᠋ᠢᠶᠠᠩᠬᠤᠸᠠ᠄ 0477 — 8960233 ︵ᠡᠳᠦᠷ ᠪᠦᠷᠢ ᠶᠢᠨ ᠭᠦᠯᠢᠶᠠᠨ ᠠᠪᠬᠤ ᠴᠠᠭ᠄ 8᠄ 30 — 20᠄ 00︶      3. ᠢᠯᠡᠴᠢᠯᠡᠨ ᠮᠡᠳᠡᠭᠦᠯᠭᠦ ᠵᠠᠭᠢᠳᠠᠯ ᠤᠨ ᠬᠠᠶᠢᠷᠴᠠᠭ᠄ ᠤᠷᠳᠤᠰ ᠬᠤᠳᠠ ᠶᠢᠨ 0233 ᠲᠤᠰᠬᠠᠢ ᠵᠠᠭᠢᠳᠠᠯ ᠤᠨ ᠬᠠᠶᠢᠷᠴᠠᠭ᠂ ᠰᠢᠤᠳᠠᠨ ᠤ ᠨᠤᠮᠧᠷ 017000      4. ᠢᠯᠡᠴᠢᠯᠡᠨ ᠮᠡᠳᠡᠭᠦᠯᠭᠦ ᠢᠮᠧᠯ᠄ nmgshcedsddz@163.com                ᠦᠪᠡᠷᠳᠡᠭᠡᠨ ᠵᠠᠰᠠᠬᠤ ᠤᠷᠤᠨ ᠤ ᠬᠠᠷ᠎ᠠ ᠪᠦᠯᠦᠭᠳᠡᠨ ᠬᠠᠷᠭᠢᠰ ᠭᠦᠴᠦᠨ ᠢ ᠠᠷᠢᠯᠭᠠᠬᠤ                ᠲᠤᠰᠬᠠᠢ ᠲᠡᠮᠡᠴᠡᠯ ᠤᠨ ᠲᠦᠷᠪᠡᠳᠦᠭᠡᠷ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ                             2018 ᠤᠨ ᠤ 12 ᠰᠠᠷ᠎ᠠ ᠶᠢᠨ 10 ᠤ ᠡᠳᠦᠷ
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号