ᠪᠢᠴᠢᠬᠠᠨ ᠦᠢᠯᠡᠴᠢᠯᠡᠬᠡᠨ ᠤ ᠺᠠᠷᠲ ᠨᠢ ᠺᠠᠳ᠋ᠷ ᠠᠷᠠᠳ ᠤᠨ ᠰᠡᠳᠬᠢᠯ ᠤᠨ ᠬᠤᠯᠪᠤᠭᠠᠰᠤ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2018-12-21
      ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠶᠠᠪᠤᠴᠠ ᠳᠤ ᠭᠠᠯᠠᠭᠤᠳᠣ ᠪᠠᠯᠭᠠᠰᠣᠨ  ᠤ ᠰᠡᠪᠬᠦᠯ ᠭᠠᠴᠠᠭᠠᠨ ᠤ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠨᠢᠬᠡᠨ ᠣᠯᠠᠨ ᠴᠢᠳᠠᠪᠬᠢᠳᠤ ︽ᠪᠢᠴᠢᠬᠠᠨ ᠺᠠᠷᠲ︾ ᠢ ᠡᠬᠦᠳᠴᠤ᠂ ᠡᠬᠦᠪᠡᠷ ᠲᠠᠮᠵᠢᠭᠤᠯᠤᠨ ᠺᠠᠳ᠋ᠷ ᠠᠷᠠᠳ ᠤᠨ ᠰᠡᠳᠬᠢᠯ ᠢ ᠬᠤᠯᠪᠤᠵᠦ ᠪᠠᠶᠢᠨ᠎ᠠ᠃      ᠮᠠᠯᠴᠢᠨ ᠰᠠᠷᠠᠨᠭᠤᠸ᠎ᠠ ᠰᠡᠪᠬᠦᠯ ᠭᠠᠴᠠᠭᠠᠨ ᠤ ᠶᠢᠨ ᠫᠠᠨ ᠬᠤᠤ ᠨᠡᠬᠦᠷᠡᠰᠦᠨ ᠠᠭᠤᠷᠬᠠᠢ ᠶᠢᠨ ᠦᠢᠯᠡᠴᠢᠯᠡᠬᠡᠨ  ᠤ ᠲᠤᠭᠤᠷᠢᠭ ᠲᠤ ᠬᠤᠭᠤᠯᠠᠨ ᠭᠡᠷ ᠡᠷᠬᠢᠯᠡᠨ᠂ ᠣᠶᠢᠷ᠎ᠠ ᠶᠢᠨ ᠬᠤᠭᠤᠴᠠᠭᠠᠨ ᠳᠤ ᠪᠤᠷᠤᠯᠠᠭᠤᠯᠭ᠎ᠠ ᠨᠢ ᠲᠤᠩ ᠬᠦᠭᠵᠢᠶᠡᠨᠳᠡᠢ ᠪᠠᠶᠢᠭᠰᠠᠨ ᠴᠤ ᠪᠠᠯᠭᠠᠰᠣᠨ ᠲᠤᠭᠤᠷᠢᠭ ᠠᠴᠠ ᠨᠡᠯᠢᠶᠡᠳ ᠵᠠᠶᠢᠳᠠᠢ ᠤᠴᠢᠷ ᠠᠴᠠ ᠰᠢᠨ᠎ᠡ ᠰᠣᠷᠭᠤᠭ ᠨᠤᠭᠤᠭ᠎ᠠ ᠴᠠᠭ᠎ᠠ ᠠᠪᠬᠤ ᠳᠤ ᠲᠦᠬᠦᠮ ᠦᠭᠡᠢ ᠪᠠᠶᠢᠵᠦ ᠲᠡᠬᠦᠨ ᠢ ᠲᠦᠪᠡᠭᠳᠡᠬᠦᠯᠵᠦ ᠪᠠᠶᠢᠵᠠᠢ᠃ ᠲᠡᠷᠡ ᠡᠨᠡᠬᠦ ᠣᠯᠠᠨ ᠴᠢᠳᠠᠪᠬᠢᠳᠤ ᠪᠢᠴᠢᠬᠠᠨ ᠺᠠᠷᠲ ᠢ ᠠᠰᠢᠭᠯᠠᠵᠤ ᠬᠦᠴᠢᠷᠳᠡᠢ ᠠᠰᠠᠭᠤᠳᠠᠯ ᠪᠠᠨ ᠰᠢᠢᠳᠪᠦᠷᠢᠯᠡᠵᠡᠢ᠃ ᠡᠨᠡᠬᠦ ︽ᠪᠢᠴᠢᠬᠠᠨ ᠺᠠᠷᠲ︾ ᠨᠢ ᠮᠠᠯᠴᠢᠨ ᠳᠠᠷᠢᠶᠠᠴᠢᠳ ᠢ ᠬᠠᠪᠰᠤᠷᠤᠨ ᠡᠳᠦᠷ ᠳᠣᠳᠣᠮ ᠤᠨ ᠬᠡᠷᠡᠭᠯᠡᠬᠡᠨ ᠤ ᠡᠳ᠋ ᠪᠤᠳᠠᠰ ᠢ ᠬᠤᠳᠠᠯᠳᠣᠨ ᠠᠪᠴᠦ ᠲᠡᠶᠢᠯᠬᠦ ᠠᠴᠠ ᠭᠠᠳᠠᠨ᠎ᠠ ᠪᠠᠰᠠ ᠲᠡᠳᠡᠨ ᠤ ᠦᠢᠯᠡᠳᠪᠦᠷᠢᠯᠡᠯ ᠠᠮᠢᠳᠣᠷᠠᠯ ᠤᠨ ᠳᠣᠮᠳᠠᠬᠢ ᠠᠰᠠᠭᠤᠳᠠᠯ ᠢ ᠴᠣ᠋ ᠰᠢᠢᠳᠪᠦᠷᠢᠯᠡᠵᠦ ᠴᠢᠳᠠᠳᠠᠭ ᠪᠠᠶᠢᠨ᠎ᠠ᠃ ᠡᠨᠡ ᠨᠠᠮᠤᠷ ᠮᠠᠨ ᠤ ᠬᠤᠰᠢᠭᠤᠨ ᠳᠤ ᠪᠤᠷᠤᠭᠠᠨ ᠬᠤᠷ᠎ᠠ ᠬᠡᠳᠤᠷᠡᠭᠰᠡᠨ ᠠᠴᠠ ᠶᠠᠳᠠᠭᠤ ᠬᠦᠴᠢᠷᠳᠡᠯᠳᠡᠢ ᠡᠷᠦᠬᠡ ᠪᠠᠶᠠᠨᠪᠠᠭᠠᠳᠣᠷ ᠶᠢᠨ ᠨᠠᠮᠤᠷ ᠤᠨ ᠬᠤᠷᠢᠶᠠᠯᠳᠠ ᠶᠢ ᠶᠡᠬᠡᠬᠡᠨ ᠨᠥᠯᠦᠬᠡᠯᠡᠵᠦ᠂ ᠬᠡᠷ ᠪᠠᠶᠢᠰᠢᠩ ᠨᠢ ᠴᠣ᠋ ᠣᠰᠣᠳᠣᠭᠰᠠᠨ ᠪᠠᠶᠢᠳᠠᠯ ᠲᠤᠤᠷ᠎ᠠ ᠲᠡᠷᠡ ᠮᠥᠨ ᠯᠡ ᠡᠨᠡᠬᠦ ᠺᠠᠷᠲ ᠪᠠᠷ ᠲᠠᠮᠵᠢᠨ ᠨᠢᠬᠡᠳᠤᠬᠡᠷ ᠱᠦᠵᠢ ᠲᠠᠢ ᠬᠠᠷᠢᠴᠠᠭ᠎ᠠ ᠬᠤᠯᠪᠤᠭ᠎ᠠ ᠠᠪᠴᠤ᠂ ᠳᠣᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠬᠢᠨ ᠪᠠᠰᠠ ᠬᠠᠪᠰᠤᠷᠤᠯᠴᠠᠵᠤ ᠭᠠᠴᠢᠭᠳᠠᠯ ᠢ ᠲᠠᠶᠢᠯᠵᠦ ᠬᠤᠷᠤᠭᠳᠠᠯ ᠢᠶᠠᠨ ᠪᠠᠭᠠᠰᠬᠠᠵᠦ ᠴᠢᠳᠠᠵᠠᠢ      ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠦᠷᠬᠡᠨ ᠣᠯᠠᠨ ᠮᠠᠯᠴᠢᠨ ᠲᠠᠷᠢᠶᠠᠴᠢᠨ ᠬᠦᠴᠢᠷᠳᠡᠯ ᠲᠤᠯᠭᠠᠷᠠᠭᠰᠠᠨ ᠲᠡᠷᠡ ᠲᠠᠷᠤᠢ ᠳᠤ ᠨᠢ ᠬᠠᠷᠢᠯᠴᠠᠬᠤ ᠬᠦᠮᠤᠨ ᠲᠠᠢ᠂ ᠰᠢᠢᠳᠪᠦᠷᠢᠯᠡᠬᠦ ᠠᠷᠭ᠎ᠠ ᠲᠠᠢ ᠪᠠᠶᠢᠬᠤ ᠶᠢ ᠪᠠᠳᠤᠯᠠᠬᠤ ᠶᠢᠨ ᠲᠥᠯᠦᠬᠡ ᠰᠡᠪᠬᠦᠯ ᠭᠠᠴᠠᠭᠠᠨ ᠤ ᠳᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠡᠨᠡ ᠵᠢᠯ ᠤᠨ ᠶᠢᠰᠦᠳᠣᠭᠡᠷ ᠰᠠᠷ᠎ᠠ ᠠᠴᠠ ᠡᠬᠢᠯᠡᠨ ᠡᠨᠡᠬᠦ ᠣᠯᠠᠨ ᠴᠢᠳᠠᠪᠬᠢᠳᠤ ︽ᠪᠢᠴᠢᠬᠠᠨ ᠺᠠᠷᠲ︾ ᠲᠡᠭᠡᠷ᠎ᠡ ᠬᠠᠷᠢᠯᠴᠠᠬᠤ ᠬᠦᠮᠤᠨ᠂ ᠬᠠᠷᠢᠯᠴᠠᠬᠤ ᠠᠷᠭ᠎ᠠ ᠮᠠᠶ᠋ᠢᠭ ᠪᠠ ᠶᠠᠳᠠᠭᠤ ᠶᠢ ᠲᠡᠳᠬᠦᠬᠦ ᠡᠬᠦᠷᠬᠡ ᠬᠠᠷᠢᠭᠤᠴᠠᠯᠭ᠎ᠠ ᠵᠡᠷᠭᠡ ᠰᠤᠷᠠᠭ ᠵᠠᠩᠬᠢ ᠶᠢ ᠲᠡᠮᠳᠡᠭᠯᠡᠨ ᠮᠠᠯᠴᠢᠨ ᠲᠠᠷᠢᠶᠠᠴᠢᠨ ᠳᠤ ᠲᠠᠷᠬᠠᠭᠠᠵᠠᠢ᠃ ᠬᠡᠳᠤᠶᠢᠪᠡᠷ ᠡᠨᠡ ᠨᠢ ᠲᠤᠩ ᠴᠤ ᠡᠬᠡᠯ ᠶᠡᠷᠤᠮᠳᠡᠭ ᠬᠠᠷᠢᠯᠴᠠᠭᠠᠨ ᠤ ᠪᠢᠴᠢᠬᠠᠨ ᠺᠠᠷᠲ ᠪᠠᠶᠢᠭᠰᠠᠨ ᠴᠤ ᠡᠬᠦᠪᠡᠷ ᠪᠠᠷ ᠲᠠᠮᠵᠢᠨ ᠶᠠᠳᠠᠭᠤ ᠶᠢ ᠲᠡᠳᠬᠦᠨ ᠠᠷᠠᠳ ᠲᠤ ᠲᠦᠬᠦᠮ ᠦᠵᠡᠬᠦᠯᠬᠦ ᠠᠵᠢᠯ ᠢ ᠡᠷᠦᠬᠡ ᠪᠤᠯᠭᠠᠨ ᠳᠤ ᠬᠦᠨᠵᠡᠬᠡᠶᠢᠷᠡᠬᠦᠯᠬᠦ᠂ ᠳᠣᠰᠬᠤᠨ ᠳᠤ ᠰᠠᠭᠤᠭ᠎ᠠ ᠠᠵᠢᠯᠯᠠᠬᠤ ᠠᠩᠬᠢ ᠪᠠ ᠮᠠᠯᠴᠢᠨ ᠳᠠᠷᠢᠶᠠᠴᠢᠳ  ᠤᠨ ᠬᠠᠷᠢᠯᠴᠠᠭ᠎ᠠ ᠬᠤᠯᠪᠤᠭ᠎ᠠ ᠶᠢ ᠰᠢᠯᠤᠭᠤᠳᠬᠠᠨ ᠪᠦᠯᠬᠦᠮᠳᠠᠯ ᠨᠢᠭᠳᠠᠷᠠᠯ ᠢ ᠠᠬᠢᠭᠤᠯᠬᠤ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠪᠠ ᠦᠵᠡᠯ ᠣᠬᠠᠮᠰᠠᠷ ᠢ ᠲᠡᠭᠡᠭᠰᠢᠯᠡᠬᠦᠯᠵᠦ᠂ ᠡᠬᠦᠷᠬᠡ ᠬᠠᠷᠢᠭᠤᠴᠠᠯᠭ᠎ᠠ ᠪᠠᠨ ᠲᠤᠳᠤᠷᠬᠠᠶᠢᠯᠠᠨ ᠨᠠᠶᠢᠳᠠᠪᠦᠷᠢᠵᠢᠭᠤᠯᠬᠤ ᠵᠡᠷᠭᠡ ᠲᠠᠯ᠎ᠠ ᠳᠤ ᠴᠦᠮ ᠢᠳᠡᠪᠬᠢ ᠦᠢᠯᠡᠳᠤᠯ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号