ᠪᠦᠷᠢᠳᠦ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠣᠳᠬ᠎ᠠ ᠲᠡᠬᠦᠯᠳᠡᠷ ᠶᠠᠪᠤᠭᠳᠠᠪᠠ
ᠨᠡᠶᠢᠲᠡᠯᠡᠭᠰᠡᠨ ᠴᠠᠭ᠄
2018-12-21
     12 ᠰᠠᠷ᠎ᠠ ᠶᠢᠨ 18 ᠤ ᠡᠳᠦᠷ ᠦᠤᠰᠢᠨᠵᠤᠤ ᠪᠠᠯᠭᠠᠰᠣᠨ ᠤ ᠪᠦᠷᠢᠳᠦ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠬᠡᠯᠡᠬᠦ  ᠠᠵᠢᠯᠯᠠᠭ᠎ᠠ ᠪᠦᠷᠢᠳᠦ ᠭᠠᠴᠠᠭᠠᠨ ᠳᠤ ᠣᠳᠬ᠎ᠠ ᠲᠡᠬᠦᠯᠳᠡᠷ ᠶᠠᠪᠤᠭᠳᠠᠪᠠ᠃ ᠠᠵᠢᠯᠯᠠᠭ᠎ᠠ ᠳᠤ ᠣᠣᠯ ᠤᠨ ᠪᠦᠷᠢᠳᠦ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ ᠳᠤ ᠠᠵᠢᠯᠯᠠᠵᠦ ᠰᠤᠷᠤᠯᠴᠠᠵᠦ ᠪᠠᠶᠢᠭᠰᠠᠨ 23 ᠠᠩᠬᠢ ᠶᠢᠨ 200 ᠣᠷᠴᠢᠮ ᠪᠠᠭᠰᠢ ᠰᠤᠷᠤᠭᠴᠢᠳ ᠬᠦᠷᠦᠯᠴᠡᠨ ᠢᠷᠡᠵᠤ ᠦᠩᠭᠡᠷᠡᠵᠤ ᠣᠳᠤᠭᠰᠠᠨ ᠣᠨ ᠵᠢᠯ ᠤᠳ ᠤᠨ ᠨᠠᠨᠳᠢᠨ ᠲᠤᠷᠠᠳᠬᠠᠯ ᠢᠶᠠᠨ ᠲᠤᠷᠠᠰᠤᠨ ᠰᠠᠨᠠᠭᠠᠯᠵᠠᠵᠦ ᠬᠠᠮᠳᠤ  ᠪᠠᠷ ᠢᠶᠠᠨ ᠨᠢᠭᠡᠨ ᠣᠳᠬ᠎ᠠ ᠠᠭᠤᠯᠭ᠎ᠠ ᠪᠠᠷ ᠬᠦᠨ ᠬᠦᠨᠵᠡᠬᠡᠢ ᠴᠠᠭ ᠮᠥᠴᠡ ᠶᠢ ᠲᠡᠮᠳᠡᠭᠯᠡᠭᠰᠡᠨ ᠪᠠᠶᠢᠨ᠎ᠠ᠃      ᠦᠤᠰᠢᠨᠵᠤᠤ ᠪᠠᠯᠭᠠᠰᠣᠨ ᠤ ᠪᠦᠷᠢᠳᠦ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ1958 ᠣᠨ ᠳᠤ ᠪᠠᠶᠢᠭᠤᠯᠤᠭᠳᠠᠵᠤ 1993 ᠤᠨ ᠳᠤ ᠦᠤᠰᠢᠨᠵᠤᠤ ᠪᠠᠭ᠎ᠠ ᠰᠣᠷᠭᠠᠭᠤᠯᠢ ᠲᠠᠢ ᠨᠡᠶᠢᠯᠡᠵᠤ ᠵᠢᠭᠠᠨ ᠰᠤᠷᠭᠠᠯᠳᠠ ᠪᠠᠨ ᠵᠤᠭᠰᠤᠭᠰᠠᠨ ᠪᠠᠶᠢᠨ᠎ᠠ᠃ ᠲᠡᠭᠡᠷ᠎ᠡ ᠵᠠᠭᠤᠨ ᠤ ᠲᠠᠪᠢᠭᠠᠳ ᠣᠨ ᠠᠴᠠ ᠡᠬᠢᠯᠡᠨ ᠦᠤᠰᠢᠨᠵᠤᠤ ᠪᠠᠯᠭᠠᠰᠣᠨ ᠤ ᠪᠦᠷᠢᠳᠦ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ ᠣᠨ ᠴᠠᠭ ᠤᠨ ᠬᠠᠳᠠᠭᠤ ᠪᠡᠷᠭᠡ ᠶᠢ ᠡᠯᠡᠬᠡᠵᠦ ᠵᠢᠭᠠᠨ ᠰᠤᠷᠭᠠᠯᠳᠠ  ᠶᠢᠨ ᠨᠥᠬᠦᠴᠡᠯ ᠪᠤᠯᠤᠮᠵᠢ ᠲᠤᠳᠠᠮᠠᠭ ᠵᠡᠷᠭᠡ ᠠᠯᠢ ᠣᠯᠠᠨ ᠬᠦᠴᠢᠷ ᠲᠠᠪᠠᠭ᠎ᠠ ᠶᠢ ᠲᠤᠭᠤᠯᠤᠨ ᠦᠨᠳᠤᠰᠤᠨ ᠱᠠᠳᠤᠨ ᠤ ᠦᠨᠳᠤᠰᠤᠳᠡᠨ ᠤ ᠰᠤᠶᠤᠨ ᠬᠡᠬᠡᠷᠡᠬᠦᠯᠬᠦ ᠦᠢᠯᠡᠰ ᠪᠠ ᠮᠠᠯᠴᠢᠨ ᠠᠷᠠᠳ ᠤᠨ ᠣᠢ ᠪᠢᠯᠢᠭ ᠢ ᠨᠡᠬᠡᠬᠡᠭᠳᠡᠬᠦᠯᠬᠦ ᠠᠵᠢᠯ  ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠬᠦᠯᠵᠦ ᠣᠯᠣᠰ ᠦᠨᠳᠤᠰᠤᠳᠡᠨ ᠪᠠ ᠨᠤᠲᠤᠭ ᠣᠷᠤᠨ ᠤ ᠠᠵᠦ ᠠᠬᠤᠢ ᠨᠡᠶᠢᠬᠡᠮ ᠤᠨ ᠪᠦᠲᠦᠬᠡᠨ ᠪᠠᠶᠢᠭᠤᠯᠤᠯᠳᠠ ᠳᠤ ᠨᠡᠶᠢᠳᠡ 500 ᠭᠠᠷᠤᠢ ᠰᠢᠯᠢᠳᠡᠭ ᠰᠤᠳᠤᠨ ᠴᠢᠳᠠᠪᠦᠷᠢᠳᠠᠳ ᠢ ᠬᠦᠮᠤᠵᠢᠬᠦᠯᠦᠭᠰᠡᠨ ᠪᠠᠶᠢᠨ᠎ᠠ᠃      ᠣᠳᠤᠬᠠᠨ ᠳᠤ ᠲᠤᠰ ᠰᠤᠷᠭᠠᠭᠤᠯᠢ ᠨᠢ ᠬᠡᠳᠤᠶᠢᠪᠡᠷ ᠨᠢᠬᠡᠨᠳᠡ ᠵᠢᠭᠠᠨ ᠰᠤᠷᠭᠠᠯᠳᠠ ᠶᠢᠨ ᠡᠬᠦᠷᠬᠡ ᠴᠢᠳᠠᠪᠬᠢ  ᠪᠠᠨ ᠠᠮᠵᠢᠯᠳᠠᠳᠠᠢ ᠬᠦᠢᠴᠡᠳᠬᠡᠵᠦ ᠲᠡᠤᠬᠡ ᠶᠢᠨ ᠲᠠᠪᠴᠠᠩ ᠠᠴᠠ ᠣᠬᠤᠷᠢᠨ  ᠭᠠᠷᠤᠭᠰᠠᠨ ᠪᠤᠯᠪᠠᠴᠤ ᠲᠤᠰ ᠰᠤᠷᠭᠠᠭᠤᠯᠢ ᠶᠢᠨ ᠲᠠᠯᠠ ᠶᠢᠨ ᠲᠠᠪᠠᠭ᠎ᠠ ᠶᠢ ᠲᠠᠪᠠᠵᠦ ᠪᠠᠶᠢᠭ᠎ᠠ ᠣᠣᠭᠠᠠ ᠰᠤᠷᠤᠭᠴᠢ ᠬᠡᠨᠳᠦᠵᠠᠪ ᠨᠠᠷ ᠤᠨ ᠰᠠᠨᠠᠭᠠᠴᠢᠯᠠᠭ᠎ᠠ ᠪᠠᠷ ᠲᠤᠰ ᠣᠳᠠᠭᠠᠨ ᠤ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠣᠢ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠬᠤ ᠶᠢᠨ ᠲᠠᠰᠢᠷᠠᠮ ᠳᠤ ᠪᠠᠰᠠ ︽ᠪᠦᠷᠢᠳᠦ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ ᠶᠢᠨ ᠲᠦᠬᠦᠮ ᠳᠡᠣᠬᠡ︾ ᠬᠡᠬᠦ ᠲᠤᠰ ᠰᠣᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠣᠨ ᠵᠢᠯ ᠤᠳ ᠤᠨ ᠨᠤᠭᠤᠷᠠᠯ ᠪᠦᠳᠦᠷᠠᠯ ᠬᠠᠶᠢᠷ᠎ᠠ ᠬᠦᠰᠡᠯᠡᠩ ᠵᠡᠷᠭᠡ ᠣᠯᠠ ᠮᠥᠷ ᠢ ᠪᠢᠴᠢᠭᠯᠡᠭᠰᠡᠨ ᠨᠤᠮ ᠶᠢ ᠬᠤᠷᠠᠭᠰᠠᠨ ᠣᠯᠠᠨ ᠳᠤ ᠲᠠᠷᠬᠠᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号