ᠪᠥᠭᠦ ᠬᠤᠰᠢᠭᠤᠨ ᠤ ᠲᠥᠷᠪᠠᠳᠤᠭᠡᠷ ᠤᠯᠠᠷᠢᠯ ᠤᠨ ᠠᠶᠤᠯᠭᠦᠢ ᠥᠢᠯᠡᠳᠪᠤᠷᠢᠯᠠᠯ ᠤᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-12-21
     
     12 ᠰᠠᠷ᠎ᠠ ᠶᠢᠨ 19 ᠤ ᠡᠳᠤᠷ᠂ ᠬᠤᠰᠢᠭᠤ ᠵᠠᠰᠠᠭ ᠤᠨ ᠤᠷᠳᠤᠨ ᠪᠥᠭᠦ ᠬᠤᠰᠢᠭᠤᠨ ᠤ ᠲᠥᠷᠪᠠᠳᠤᠭᠡᠷ ᠤᠯᠠᠷᠢᠯ ᠤᠨ ᠠᠶᠤᠯᠭᠦᠢ ᠥᠢᠯᠡᠳᠪᠤᠷᠢᠯᠠᠯ ᠤᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠥᠢᠯᠡᠳᠪᠤᠷᠢᠯᠠᠯ ᠤᠨ ᠵᠥᠪᠯᠠᠯ ᠤᠨ ᠠᠯᠪᠠᠨ ᠭᠡᠷ ᠤᠨ ᠲᠤᠰᠬᠠᠢ ᠰᠡᠳᠤᠪᠳᠤ ᠸᠢᠳᠢᠤ᠋ ᠬᠤᠷᠠᠯ ᠪᠤᠯᠤᠨ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠲᠥᠷᠪᠡᠳᠤᠭᠡᠷ ᠤᠯᠠᠷᠢᠯ ᠤᠨ ᠠᠶᠤᠯᠭᠦᠢ ᠥᠢᠯᠡᠳᠪᠤᠷᠢᠯᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠪᠥᠭᠦ ᠬᠤᠰᠢᠭᠤᠨ ᠤ ᠠᠶᠤᠯᠭᠦᠢ ᠥᠢᠯᠠᠳᠪᠤᠷᠢᠯᠠᠯ᠂ ᠤᠯᠠᠨ ᠨᠠᠶᠢᠳᠠ ᠶᠢᠨ ᠠᠮᠤᠷ ᠲᠥᠪᠰᠢᠨ ᠤ ᠠᠵᠢᠯ ᠳᠤ ᠲᠠᠭᠢᠨ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠲᠡᠳ᠋ ᠲᠠᠷᠤᠭ᠎ᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠲᠠᠷᠤᠭ᠎ᠠ ᠭᠤᠤ ᠬᠤ᠋ ᠪᠤᠯᠤᠨ ᠡᠯ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ᠭᠥᠷᠢᠶᠠᠯᠠᠩ ᠲᠤᠭᠤᠷᠢᠭ᠂ ᠬᠤᠰᠢᠭᠤ ᠠᠶᠤᠯᠭᠦᠢ ᠥᠢᠯᠡᠳᠪᠤᠷᠢᠯᠠᠯ ᠤᠨ ᠵᠥᠪᠯᠠᠯ ᠤᠨ ᠪᠥᠷᠢᠯᠳᠤᠭᠦᠨ ᠪᠠᠶᠢᠭᠤᠯᠭ᠎ᠠ ᠨᠢᠭᠡᠴᠢ᠂ ᠪᠥᠭᠦ ᠬᠤᠰᠢᠭᠤᠨ ᠤ ᠡᠯ᠎ᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠬᠤᠰᠢᠭᠤ ᠠᠶᠤᠯᠭᠦᠢ ᠥᠢᠯᠠᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ ᠪᠥᠭᠦ ᠬᠤᠳᠠ ᠶᠢᠨ ᠲᠥᠷᠪᠡᠳᠤᠭᠡᠷ ᠤᠯᠠᠷᠢᠯ ᠤᠨ ᠠᠶᠤᠯᠭᠦᠢ ᠥᠢᠯᠡᠳᠪᠤᠷᠢᠯᠠᠯ ᠤᠨ ᠠᠵᠢᠯ  ᠤᠨ ᠲᠤᠭᠢᠷᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ 1 — 11 ᠳ᠋ᠤᠭᠡᠷ ᠰᠠᠷ᠎ᠠ ᠶᠢᠨ ᠪᠥᠭᠦ ᠬᠤᠰᠢᠭᠤᠨ ᠤ ᠠᠶᠤᠯᠭᠦᠢ ᠥᠢᠯᠡᠳᠪᠤᠷᠢᠯᠠᠯ ᠤᠨ ᠠᠵᠢᠯ ᠤᠨ ᠪᠠᠶᠢᠳᠠᠯ ᠢ ᠨᠠᠶᠢᠳᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠭᠤᠤ ᠬᠤ᠋ ᠪᠥᠭᠦ ᠬᠤᠰᠢᠭᠤᠨ ᠤ ᠤᠯᠠᠨ ᠨᠠᠶᠢᠳᠠ ᠶᠢᠨ ᠠᠮᠤᠷ ᠲᠥᠪᠰᠢᠨ ᠤ ᠠᠵᠢᠯ ᠳᠤ ᠪᠠᠶᠢᠷᠢᠯᠠᠭᠤᠯᠤᠯᠳᠠ ᠭᠢᠪᠠ᠃      ᠵᠤᠤ ᠹᠸᠢ ᠯᠤ᠋ ᠶᠠᠷᠢᠶ᠎ᠠ ᠲᠠᠯᠪᠢᠵᠤ ᠵᠢᠭᠠᠬᠤ ᠳᠤ ᠪᠠᠨ᠂ ᠠᠶᠤᠯᠭᠦᠢ ᠥᠢᠯᠡᠳᠪᠤᠷᠢᠯᠠᠯ ᠨᠢ ᠠᠷᠠᠳ ᠲᠥᠮᠡᠨ ᠤ ᠠᠮᠢ ᠨᠠᠰᠤ ᠡᠳ᠋ ᠭᠥᠷᠥᠩᠭᠡ ᠶᠢᠨ ᠠᠮᠤᠷ ᠲᠥᠪᠰᠢᠨ᠂ ᠥᠭᠡᠷᠡᠴᠢᠯᠠᠯᠳᠠ ᠭᠥᠭᠵᠢᠯᠳᠠ ᠶᠢᠨ ᠶᠡᠭᠡ ᠪᠠᠶᠢᠳᠠᠯ ᠲᠠᠢ ᠬᠤᠯᠪᠤᠭᠳᠠᠵᠤ ᠪᠠᠶᠢᠳᠠᠭ᠂ ᠡᠯ᠎ᠠ ᠭᠥᠷᠢᠶᠠᠯᠠᠩ ᠲᠤᠭᠤᠷᠢᠭ᠂ ᠰᠤᠮᠤ ᠪᠠᠯᠭᠠᠰᠤ ᠪᠤᠯᠤᠨ ᠰᠠᠯᠠᠭ᠎ᠠ ᠮᠥᠴᠢᠷ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠠᠭᠦᠯᠤᠨ ᠥᠵᠠᠯ ᠰᠠᠨᠠᠭ᠎ᠠ ᠤᠶᠢᠯᠠ ᠠᠵᠢᠯᠯᠠᠭ᠎ᠠ ᠪᠠᠨ ᠲᠥᠪ᠂ ᠥᠪᠠᠷᠳᠡᠭᠡᠨ ᠵᠠᠰᠠᠬᠤ ᠤᠷᠤᠨ᠂ ᠬᠤᠳᠠ᠂ ᠬᠤᠰᠢᠭᠤᠨ ᠤ ᠪᠠᠶᠢᠷᠢᠯᠠᠭᠤᠯᠤᠯᠳᠠ ᠲᠡᠭᠡᠷ᠎ᠡ ᠨᠢᠭᠡᠳᠭᠡᠨ ᠠᠶᠤᠯᠭᠦᠢ ᠥᠢᠯᠡᠳᠪᠤᠷᠢᠯᠠᠯ ᠢ ᠴᠢᠬᠤᠯᠠᠴᠢᠯᠠᠨ ᠥᠵᠠᠵᠤ ᠠᠷᠠᠳ ᠤᠯᠠᠨ ᠤ ᠠᠮᠢ ᠨᠠᠰᠤ ᠡᠳ᠋ ᠭᠥᠷᠥᠩᠭᠡ ᠶᠢᠨ ᠠᠮᠤᠷ ᠲᠥᠪᠰᠢᠨ ᠢ ᠬᠠᠮᠠᠭᠠᠯᠠᠬᠤ ᠭᠡᠷᠡᠭᠳᠠᠢ ᠭᠡᠵᠡᠢ᠃      ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠪᠤᠯᠤᠨ ᠡᠯ᠎ᠠ ᠥᠢᠯᠡᠳᠪᠤᠷᠢᠯᠠᠯ ᠡᠵᠡᠩᠨᠠᠯᠳᠠ ᠶᠢᠨ ᠪᠠᠶᠢᠭᠤᠯᠭ᠎ᠠ ᠨᠢ ᠬᠠᠷᠢᠭᠤᠴᠠᠯᠭ᠎ᠠ ᠡᠭᠦᠷᠭᠡᠯᠡᠭᠦ ᠪᠠᠨ ᠴᠢᠩᠭᠠᠳᠬᠠᠨ᠂ ︽ᠤᠷᠤᠨ ᠨᠤᠳᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠦᠷᠢᠮ ᠤᠨ ᠲᠤᠬᠠᠢ ᠲᠤᠬᠳᠠᠭᠠᠯ︾ ᠢ ᠭᠥᠨᠵᠡᠭᠡᠢ ᠲᠤᠭᠤᠰᠢᠯᠠᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ  ᠲᠠᠢ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠶᠢ ᠡᠭᠦᠷᠭᠡᠯᠡᠭᠦ ᠪᠥᠭᠦᠳᠡᠭᠡᠷ ᠠᠳᠬᠤᠨ ᠬᠠᠮᠳᠤ ᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠡᠷᠭᠡᠪᠰᠢ ᠨᠡᠭᠡᠮᠵᠢᠯᠠᠭᠦ︾ ᠶᠢ ᠪᠠᠷᠢᠮᠳᠠᠯᠠᠨ᠂ ︽ᠠᠵᠢᠯ ᠲᠦᠷᠦᠯ ᠢ ᠬᠠᠮᠢᠶᠠᠷᠬᠤ ᠳᠤ ᠡᠷᠭᠡᠪᠰᠢ ᠠᠶᠦᠯᠬᠦᠢ ᠶᠢ ᠬᠠᠮᠢᠶᠠᠷᠬᠤ᠂ ᠲᠤᠬᠠᠢᠢᠯᠠᠬᠰᠠᠨ ᠠᠵᠢᠯ ᠢ ᠬᠠᠮᠢᠶᠠᠷᠬᠤ ᠳᠤ ᠡᠷᠭᠡᠪᠰᠢ ᠠᠶᠦᠯᠬᠦᠢ ᠶᠢ ᠬᠠᠮᠢᠶᠠᠷᠬᠤ᠂ ᠦᠢᠯᠡᠳᠪᠤᠷᠢᠯᠠᠯ ᠡᠵᠡᠩᠨᠡᠯᠳᠡ ᠶᠢ ᠬᠠᠮᠢᠶᠠᠷᠬᠤ ᠳᠤ ᠡᠷᠭᠡᠪᠰᠢ ᠠᠶᠤᠯᠭᠦᠢ ᠶᠢ ᠬᠠᠮᠢᠶᠠᠷᠬᠤ ︾ ᠶᠢ ᠪᠠᠷᠢᠮᠳᠠᠯᠠᠨ᠂ ᠠᠶᠤᠯᠭᠦᠢ ᠥᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠤᠭᠳᠠᠯᠴᠠᠭ᠎ᠠ ᠶᠢ ᠤᠯᠠᠮ ᠲᠡᠭᠦᠯᠳᠡᠷᠵᠢᠭᠦᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠨᠡᠩ ᠲᠤᠪᠤᠶᠢᠮ᠎ᠠ ᠴᠢᠬᠤᠯᠠ ᠪᠠᠶᠢᠷᠢᠨ ᠳᠤ ᠲᠠᠯᠪᠢᠬᠤ ᠭᠡᠷᠡᠭᠳᠠᠢ᠃ ᠡᠯ᠎ᠠ ᠠᠵᠤ ᠠᠬᠤᠶᠢᠯᠠᠯ ᠠᠶᠤᠯᠭᠦᠢ ᠥᠢᠯᠡᠳᠪᠤᠷᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠠᠶᠤᠯᠭᠦᠢ ᠶᠢᠨ ᠪᠡᠯᠡ ᠤᠷᠤᠭᠤᠯᠤᠯᠳᠠ ᠪᠤᠯᠤᠨ ᠪᠤᠯᠪᠠᠰᠤᠷᠠᠯ ᠤᠨ ᠭᠥᠴᠥᠯᠠᠴᠠ ᠪᠠᠨ ᠨᠡᠮᠡᠭᠳᠡᠭᠦᠯᠤᠨ᠂ ᠠᠶᠤᠯᠭᠦᠢ ᠶᠢᠨ ᠭᠢᠷᠢ ᠲᠥᠪᠰᠢᠨ ᠢ ᠲᠡᠭᠡᠭᠰᠢᠯᠠᠭᠦᠯᠭᠦ ᠭᠡᠷᠡᠭᠳᠠᠢ ᠭᠡᠵᠡᠢ᠃      ᠵᠤᠤ ᠹᠸᠢ ᠯᠤ᠋ ᠱᠠᠭᠠᠷᠳᠠᠬᠤ ᠳᠤ ᠪᠠᠨ᠂ ᠠᠶᠤᠯᠭᠦᠢ ᠥᠢᠯᠡᠳᠪᠤᠷᠢᠯᠠᠯ ᠤᠨ ᠠᠵᠢᠯ ᠢ ᠴᠠᠭ ᠢᠮᠠᠭᠳᠠ ᠴᠢᠩᠭ᠎ᠠ ᠠᠳᠬᠤᠵᠤ᠂ ᠲᠤᠰᠬᠠᠢ ᠲᠥᠷᠥᠯ ᠤᠨ ᠴᠡᠭᠴᠡᠯᠠᠯᠳᠠ᠂ ᠲᠠᠯᠳᠠ ᠭᠡᠮ ᠢ ᠪᠠᠶᠢᠴᠠᠭᠠᠨ ᠴᠡᠭᠴᠡᠯᠠᠭᠦ᠂ ᠬᠠᠤᠯᠢ ᠭᠡᠷᠡᠭᠵᠢᠭᠦᠯᠭᠦ ᠪᠠᠶᠢᠴᠠᠭᠠᠯᠳᠠ ᠭᠢᠭᠦ᠂ ᠪᠠᠴᠢᠮ ᠪᠠᠶᠢᠳᠠᠯ ᠢ ᠠᠪᠤᠷᠠᠬᠤ᠂ ᠤᠬᠠᠭᠤᠯᠭ᠎ᠠ ᠭᠥᠮᠤᠵᠢᠯ ᠢ ᠴᠢᠩᠭᠠᠳᠬᠠᠵᠤ᠂ ᠨᠠᠶᠢᠭᠡᠮ ᠤᠨ ᠠᠮᠤᠷ ᠢ ᠬᠠᠮᠠᠭᠠᠯᠠᠬᠤ ᠶᠢ ᠪᠠᠶᠢᠩᠭᠤ ᠥᠷᠨᠢᠭᠦᠯᠵᠤ ᠡᠯ᠎ᠠ ᠲᠥᠷᠥᠯ ᠤᠨ ᠭᠡᠨᠡᠳᠠᠯ ᠭᠡᠷᠡᠭ ᠡᠭᠦᠰᠭᠦ ᠶᠢ ᠪᠥᠭᠦ ᠲᠠᠯ᠎ᠠ ᠪᠠᠷ ᠰᠠᠷᠭᠡᠶᠢᠯᠠᠨ᠂ ᠪᠥᠭᠦ ᠬᠤᠰᠢᠭᠤᠨ ᠤ ᠠᠶᠤᠯᠭᠦᠢ ᠥᠢᠯᠡᠳᠪᠤᠷᠢᠯᠠᠯ ᠤᠨ ᠪᠠᠶᠢᠳᠠᠯ ᠤᠨ ᠥᠷᠭᠦᠯᠵᠢᠯᠡᠭᠦᠶᠢᠴᠡ ᠲᠤᠭᠳᠠᠭᠤᠨ ᠢ ᠪᠠᠳᠤᠯᠠᠬᠤ ᠭᠡᠷᠡᠭᠳᠠᠢ ᠭᠡᠵᠡᠢ᠃      ᠬᠤᠷᠠᠯ ᠠᠴᠠ ᠡᠮᠤᠨ᠎ᠠ᠂ ᠪᠥᠭᠦ ᠬᠤᠰᠢᠭᠤᠨ ᠤ ᠨᠡᠭᠦᠷᠡᠰᠦ᠂ ᠠᠶᠤᠯᠳᠠᠢ ᠭᠢᠮᠢ ᠶᠢᠨ ᠪᠤᠳᠠᠰ ᠵᠡᠷᠭᠡ ᠠᠵᠢᠯ ᠲᠥᠷᠥᠯ ᠤᠨ ᠴᠠᠷᠠᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠳᠠᠨ ᠢ ᠵᠤᠭᠢᠶᠠᠨ ᠪᠠᠶᠢᠭᠤᠯᠤᠨ ᠵᠢᠩ ᠫᠧᠩ ᠪᠠᠶᠢᠭᠠᠯᠢ ᠶᠢᠨ ᠰᠢᠳᠠᠮᠠᠬᠠᠢ ᠭᠡᠢ ᠶᠢᠨ ᠭᠢᠵᠠᠭᠠᠷᠳᠤ ᠺᠤᠮᠫᠠᠨᠢ᠂ ᠵᠥᠩ ᠮᠸᠢ ᠤᠷᠳᠤᠰ ᠡᠨᠧᠷᠭᠢ ᠭᠢᠮᠢ ᠶᠢᠨ ᠬᠢᠵᠠᠭᠠᠷᠲᠤ ᠺᠤᠮᠫᠠᠨᠢ᠂ ᠵᠥᠩ ᠮᠸᠢ ᠮᠧᠩ ᠳ᠋ᠠ ᠰᠢᠨ᠎ᠠ ᠡᠨᠧᠷᠭᠢ ᠭᠢᠮᠢ ᠶᠢᠨ ᠭᠢᠵᠭᠠᠷᠳᠤ ᠺᠤᠮᠫᠠᠨᠢ ᠪᠠᠷ ᠭᠥᠷᠴᠤ ᠲᠤᠬᠠᠢ ᠶᠢᠨ ᠭᠠᠵᠠᠷ ᠤᠨ ᠰᠤᠷᠤᠯᠴᠠᠯᠭ᠎ᠠ ᠥᠷᠨᠢᠭᠦᠯᠥᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号