ᠪᠥᠭᠦ ᠬᠤᠰᠢᠭᠤᠨ ᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠭᠡᠷᠡᠭᠵᠢᠭᠦᠯᠭᠦ ᠲᠥᠰᠦᠯ ᠢ ᠨᠠᠶᠢᠷᠠᠭᠤᠯᠬᠤ ᠠᠵᠢᠯ ᠤᠨ ᠬᠠᠷᠢᠭᠤ ᠮᠡᠳᠡᠭᠦᠯᠥᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-12-21
     
     12 ᠰᠠᠷ᠎ᠠ ᠶᠢᠨ 18 ᠤ ᠡᠳᠤᠷ᠂ ᠪᠥᠭᠦ ᠬᠤᠰᠢᠭᠤᠨ ᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠭᠡᠷᠡᠭᠵᠢᠭᠦᠯᠭᠦ ᠲᠥᠰᠤᠯ ᠢ ᠨᠠᠶᠢᠷᠠᠭᠤᠯᠬᠤ ᠠᠵᠢᠯ ᠤᠨ ᠬᠠᠷᠢᠭᠤ ᠮᠡᠳᠡᠭᠦᠯᠥᠯᠳᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ ᠥᠨᠳᠤᠷ ᠲᠠᠰ ᠤᠨ ᠨᠠᠶᠢᠷᠠᠭᠤᠯᠤᠭᠴᠢ᠂ ᠰᠢᠨᠬᠤᠸᠠ ᠬᠤᠷᠢᠶᠠᠨ ᠤ ᠲᠤᠮᠳᠠᠳᠤ ᠤᠯᠤᠰ  ᠤᠨ ᠠᠵᠤ ᠠᠬᠤᠢ ᠮᠡᠳᠡᠭᠡ ᠵᠠᠩᠭᠢ ᠶᠢᠨ ᠬᠤᠷᠢᠶᠠᠨ ᠤ ᠠᠵᠤ ᠠᠬᠤᠢ ᠶᠢᠨ ᠤᠶᠤᠨ ᠤ ᠭᠥᠮᠤᠷᠭᠡ ᠶᠢᠨ ᠠᠵᠢᠯ ᠥᠢᠯᠡᠰ ᠤᠨ ᠭᠡᠯᠳᠡᠰ ᠤᠨ ᠡᠷᠭᠢᠯᠡᠭᠴᠢ ᠱᠧᠨ ᠴᠢᠩ ᠤᠨ ᠲᠠᠭᠠᠭᠤᠯᠤᠭᠰᠠᠨ ᠲᠠᠪᠤᠨ ᠲᠤᠰᠬᠠᠢ ᠮᠡᠷᠭᠡᠵᠢᠯᠳᠠᠨ ᠬᠤᠷᠠᠯ  ᠳᠤ ᠰᠠᠭᠠᠳᠠᠵᠤ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠤᠳᠤᠷᠢᠳᠤᠯᠭ᠎ᠠ ᠸᠠᠩ ᠶᠥᠩ ᠴᠢᠩ᠂ ᠭᠤᠤ ᠬᠤ᠋᠂ ᠪᠠᠶᠠᠠᠴᠠᠩᠭᠡᠯ᠂ ᠪᠠᠶᠠᠠᠴᠢᠮᠡᠭ᠂ ᠯᠢ ᠬᠤᠩ ᠯᠢᠶᠠᠩ᠂ ᠯᠢ᠊ ᠵᠢᠷᠤᠮᠳᠤ᠂ ᠸᠠᠩ ᠭᠠᠩ ᠬᠤᠷᠠᠯ ᠳᠤ ᠰᠤᠯᠠ ᠤᠷᠤᠯᠴᠠᠨ᠂ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠬᠤᠰᠢᠭᠤ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ᠂ ᠤᠬᠠᠭᠤᠯᠬᠤ ᠭᠡᠯᠳᠡᠰ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠭᠥᠭᠵᠢᠭᠦᠯᠥᠯᠳᠠ ᠥᠭᠡᠷᠡᠴᠢᠯᠠᠯᠳᠠ ᠶᠢᠨ ᠲᠤᠪᠴᠢᠶ᠎ᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ  ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠰᠤᠷᠭᠠᠯᠳᠤ ᠬᠤᠷᠠᠯ ᠢ ᠡᠷᠭᠢᠯᠠᠪᠠ᠃      ᠬᠤᠷᠠᠯ ᠲᠡᠭᠡᠷ᠎ᠡ᠂ ᠬᠤᠰᠢᠭᠤ ᠭᠥᠭᠵᠢᠭᠦᠯᠥᠯᠳᠠ ᠥᠭᠡᠷᠠᠴᠢᠯᠠᠯᠳᠠ ᠶᠢᠨ ᠰᠠᠯᠠᠭ᠎ᠠ ᠮᠥᠴᠢᠷ ᠪᠥᠭᠦ ᠬᠤᠰᠢᠭᠤᠨ  ᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠭᠡᠷᠡᠭᠵᠢᠭᠦᠯᠭᠦ ᠲᠥᠰᠤᠯ ᠢ ᠨᠠᠶᠢᠷᠠᠭᠤᠯᠬᠤ ᠠᠵᠢᠯ ᠤᠨ ᠶᠠᠷᠤᠩᠭᠡᠢ ᠠᠭᠢᠴᠠ ᠶᠢᠨ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠪᠠ᠃ ᠲᠤᠮᠳᠠᠳᠤ ᠤᠯᠤᠰ ᠤᠨ ᠠᠵᠤ ᠠᠬᠤᠢ ᠮᠡᠳᠡᠭᠡ ᠵᠠᠩᠭᠢ ᠶᠢᠨ ᠬᠤᠷᠢᠶᠠᠨ ᠤ ᠲᠤᠰᠬᠠᠢ ᠮᠡᠷᠭᠡᠵᠢᠯᠳᠠᠳ ᠤᠨ ᠲᠤᠭᠤᠶᠢᠯᠠᠩ ᠤᠨ ᠬᠢᠨ ᠭᠡᠷᠡᠭᠵᠢᠭᠦᠯᠭᠦ ᠲᠥᠰᠤᠯ  ᠤᠨ ᠨᠠᠶᠢᠷᠠᠭᠤᠯᠬᠤ ᠶᠠᠪᠤᠴᠠ᠂ ᠶᠠᠷᠤᠩᠭᠡᠢ ᠪᠥᠳᠥᠴᠠ ᠪᠤᠯᠤᠨ ᠨᠠᠷᠢᠨ ᠠᠭᠤᠯᠭ᠎ᠠ ᠶᠢ ᠲᠤᠳᠤᠷᠬᠠᠢ ᠲᠠᠶᠢᠯᠪᠤᠷᠢᠯᠠᠵᠤ᠂ ᠲᠠᠪᠤᠨ ᠲᠤᠰᠬᠠᠢ ᠲᠥᠷᠥᠯ ᠤᠨ ᠭᠡᠷᠡᠭᠵᠢᠭᠦᠯᠭᠦ ᠲᠥᠰᠤᠯ ᠤᠨ ᠲᠥᠯᠥᠪᠵᠢᠭᠦᠯᠭᠡ ᠶᠢᠨ ᠲᠤᠯᠤᠭᠠᠶᠢᠯᠠᠬᠤ ᠰᠠᠯᠠᠭ᠎ᠠ ᠮᠥᠴᠢᠷ ᠥᠪᠠᠷ ᠤᠨ ᠬᠠᠷᠢᠭᠤᠴᠠᠵᠤ ᠪᠠᠶᠢᠭ᠎ᠠ ᠲᠥᠰᠤᠯ ᠤᠨ ᠲᠤᠭᠤᠷᠢᠨ ᠳᠤ ᠰᠠᠳᠭᠢᠴᠠ ᠠᠷᠭ᠎ᠠ ᠪᠠᠷᠢᠯ ᠢᠶᠠᠨ ᠶᠠᠷᠢᠵᠤ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ᠂ ᠰᠠᠯᠠᠭ᠎ᠠ ᠮᠥᠴᠢᠷ ᠪᠤᠯᠤᠨ ᠲᠤᠰᠬᠠᠢ ᠮᠡᠷᠭᠡᠵᠢᠯᠳᠠᠨ ᠠᠴᠠ ᠰᠤᠯᠢᠯᠴᠠᠭ᠎ᠠ ᠶᠠᠷᠢᠯᠴᠠᠭ᠎ᠠ ᠥᠷᠨᠢᠭᠦᠯᠵᠤ᠂ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃      ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠲᠥᠯᠥᠪᠵᠢᠭᠦᠯᠭᠡ ᠨᠠᠶᠢᠷᠠᠭᠤᠯᠭ᠎ᠠ ᠶᠢᠨ ᠠᠵᠢᠯ ᠢ ᠨᠠᠷᠢᠯᠢᠭᠵᠢᠭᠤᠯᠵᠤ᠂ ᠲᠥᠯᠥᠪᠵᠢᠭᠦᠯᠭᠡ ᠶᠢᠨ ᠵᠢᠯᠤᠭᠤᠳᠤᠯᠭ᠎ᠠ ᠶᠢᠨ ᠴᠢᠨᠠᠷ ᠪᠤᠯᠤᠨ ᠭᠡᠷᠡᠭᠯᠡᠭᠡᠨ ᠤ ᠴᠢᠨᠠᠷ ᠢ ᠨᠡᠮᠡᠭᠳᠡᠭᠦᠯᠭᠦ ᠭᠡᠷᠡᠭᠳᠠᠢ᠃ ᠮᠠᠯᠴᠢᠨ ᠲᠠᠷᠢᠶᠠᠴᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠭᠡᠷᠡᠭᠴᠡᠭᠡ ᠶᠢ ᠬᠠᠮᠤᠭ ᠢᠯᠠᠭᠦᠤ ᠤᠶᠢᠯᠠᠭᠠᠳᠠᠭ ᠪᠤᠯᠬᠤᠷ ᠨᠠᠶᠢᠷᠠᠭᠤᠯᠤᠨ ᠵᠤᠭᠢᠶᠠᠬᠤ ᠲᠤᠰᠬᠠᠢ ᠮᠡᠷᠭᠡᠵᠢᠯᠳᠠᠨ ᠪᠤᠯᠤᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠬᠤ ᠨᠥᠭᠦᠳ ᠲᠤᠬᠠᠢ ᠶᠢᠨ ᠭᠠᠵᠠᠷ ᠲᠤ ᠢᠯᠠᠭᠦᠭᠡᠨ ᠬᠦᠷᠴᠤ ᠪᠠᠶᠢᠳᠠᠯ ᠢ ᠨᠠᠷᠢᠨ ᠤᠶᠢᠯᠠᠭᠠᠵᠤ᠂ ᠲᠥᠯᠥᠪᠵᠢᠭᠦᠯᠭᠡ ᠶᠢᠨ ᠤᠷᠤᠯᠳᠤᠯᠭ᠎ᠠ ᠶᠢᠨ ᠴᠢᠨᠠᠷ ᠪᠤᠯᠤᠨ ᠴᠢᠭᠯᠡᠯᠲᠤ ᠴᠢᠨᠠᠷ ᠢ ᠥᠨᠠᠠᠭᠦ ᠲᠡᠭᠡᠭᠰᠢᠯᠡᠭᠦᠯᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠭᠦ ᠭᠡᠷᠡᠭᠳᠠᠢ᠃ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯ ᠰᠢ ᠶᠢᠨ ᠫᠢᠩ ᠨᠥᠭᠦᠷ ᠢᠶᠠᠷ ᠭᠤᠤᠯ ᠪᠤᠯᠭᠠᠭᠰᠠᠨ ᠨᠠᠮ  ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠤᠷᠢᠲᠤ ᠪᠠᠶᠢᠷᠢᠯᠠᠭᠤᠯᠤᠯᠳᠠ᠂ ᠪᠥᠭᠦ ᠨᠠᠮ ᠪᠥᠭᠦ ᠨᠠᠶᠢᠭᠡᠮ ᠤᠨ ᠠᠵᠢᠯ ᠤᠨ ᠭᠤᠤᠯᠳᠠᠯᠭ᠎ᠠ ᠪᠤᠯᠤᠨ᠎ᠠ᠃ ᠵᠠᠪᠠᠯ ᠪᠤᠰᠤᠳ ᠲᠥᠯᠥᠪᠵᠢᠭᠦᠯᠭᠡ ᠪᠤᠯᠤᠨ ᠨᠢᠭᠡ ᠬᠤᠶᠠᠷ ᠭᠤᠷᠪᠠᠳᠤᠭᠠᠷ ᠠᠵᠤ ᠥᠢᠯᠡᠰ ᠲᠠᠢ ᠠᠭᠤᠰᠤᠯᠴᠠᠭᠤᠯᠤᠨ᠂ ᠤᠶᠢᠷ᠎ᠠ ᠬᠠᠪᠢ ᠶᠢᠨ ᠭᠠᠵᠷ ᠤᠷᠤᠨ ᠲᠠᠢ ᠰᠤᠶᠤᠯ ᠵᠤᠭᠠᠴᠠᠯ ᠢ ᠠᠭᠤᠰᠤᠯᠴᠠᠭᠤᠯᠤᠨ᠂ ᠭᠥᠷᠥᠯᠴᠠᠭᠦᠢ ᠪᠠᠨ ᠨᠥᠭᠦᠪᠤᠷᠢᠯᠠᠵᠤ᠂ ᠭᠥᠳᠡᠯᠭᠡᠭᠦ ᠭᠥᠴᠤᠨ ᠢ ᠲᠠᠶᠢᠴᠢᠯᠠᠬᠤ ᠭᠡᠷᠡᠭᠳᠠᠢ᠃ ᠰᠢᠨ᠎ᠠ ᠴᠠᠭ ᠥᠶ᠎ᠠ ᠶᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢᠨ ᠶᠠᠷᠤᠩᠭᠡᠢ ᠱᠠᠭᠠᠷᠳᠠᠯᠭ᠎ᠠ ᠶᠢ ᠤᠨᠤᠪᠴᠢᠳᠠᠢ ᠡᠵᠡᠮᠳᠠᠨ᠂ ᠠᠵᠢᠯ ᠤᠨ ᠶᠠᠷᠤᠩᠭᠡᠢ ᠴᠢᠭᠯᠡᠯ ᠢ ᠴᠠᠭ ᠢᠮᠠᠭᠲᠠ ᠡᠵᠡᠮᠳᠠᠨ᠂ ᠡᠯ᠎ᠠ ᠰᠤᠮᠤ ᠪᠠᠯᠭᠠᠰᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠲᠥᠯᠥᠪᠵᠢᠭᠦᠯᠭᠡ ᠶᠢ ᠰᠤᠳᠤᠯᠤᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠭᠡᠷᠡᠭᠳᠠᠢ᠃ ᠲᠤᠰᠬᠠᠢ ᠮᠡᠷᠭᠡᠵᠢᠯᠳᠠᠨ ᠲᠤᠬᠠᠢ ᠶᠢᠨ ᠭᠠᠵᠠᠷ ᠲᠤ ᠭᠥᠨᠵᠡᠭᠡᠶᠢᠷᠠᠨ ᠡᠯ᠎ᠠ ᠰᠤᠮᠤ ᠪᠠᠯᠭᠠᠰᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠲᠠᠢ ᠨᠢᠭᠲᠠ ᠬᠠᠷᠢᠯᠴᠠᠨ᠂ ᠨᠠᠶᠢᠷᠠᠭᠤᠯᠤᠨ ᠵᠤᠭᠢᠶᠠᠬᠤ ᠠᠵᠢᠯ  ᠢ ᠤᠯᠠᠮ ᠨᠢᠭᠡ ᠠᠯᠬᠤᠮ ᠲᠠᠭᠦᠯᠳᠡᠷᠵᠢᠭᠦᠯᠭᠦ ᠭᠡᠷᠡᠭᠳᠠᠢ᠃ ᠡᠯ᠎ᠠ ᠰᠤᠮᠤ ᠪᠠᠯᠭᠠᠰᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠲᠠᠷᠠᠭ᠎ᠠ ᠵᠢᠯ ᠤᠨ ᠠᠵᠤ ᠥᠢᠯᠡᠰ ᠤᠨ ᠭᠥᠭᠵᠢᠯᠳᠠ᠂ ᠠᠮᠢ ᠠᠬᠤᠢ ᠶᠢᠨ ᠪᠠᠶᠢᠭᠤᠯᠤᠯᠳᠠ᠂ ᠤᠷᠴᠢᠨ ᠲᠤᠭᠤᠷᠢᠨ ᠤ ᠵᠠᠰᠠᠨ ᠴᠡᠭᠴᠡᠯᠠᠯᠳᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠬᠠᠮᠳᠤ ᠶᠢᠨ ᠦᠮᠴᠢᠯᠠᠯᠲᠤ ᠠᠵᠤ ᠠᠬᠤᠢ ᠵᠠᠷᠭᠡ ᠶᠢᠨ ᠭᠤᠤᠯᠳᠠᠯᠭ᠎ᠠ ᠲᠠᠢ ᠠᠵᠢᠯ ᠢ ᠡᠷᠳᠠ ᠠᠴᠠ ᠲᠥᠯᠥᠪᠵᠢᠭᠦᠯᠵᠤ ᠲᠠᠷᠠᠭ᠎ᠠ ᠠᠵᠢᠯ ᠤᠨ ᠠᠵᠢᠯ ᠤᠨ ᠡᠮᠭᠢ ᠴᠡᠭᠴᠠ ᠲᠠᠢ ᠠᠭᠢᠬᠤ ᠶᠢ ᠪᠠᠳᠤᠯᠠᠬᠤ ᠭᠡᠷᠡᠭᠳᠠᠢ ᠭᠡᠵᠡᠢ᠃      ᠰᠤᠷᠭᠠᠯᠳᠤ ᠳ᠋ᠥᠩᠨᠠᠯᠳᠠ ᠶᠢᠨ ᠶᠠᠷᠢᠶ᠎ᠠ ᠲᠠᠯᠪᠢᠵᠤ ᠵᠢᠭᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷᠡᠭᠵᠢᠭᠦᠯᠭᠦ ᠲᠥᠰᠤᠯ ᠢ ᠨᠠᠶᠢᠷᠠᠭᠤᠯᠬᠤ ᠠᠵᠢᠯ ᠢ ᠰᠠᠶᠢᠨ ᠭᠢᠭᠦ ᠭᠡᠷᠡᠭᠳᠠᠢ᠃ ᠭᠥᠭᠵᠢᠭᠦᠯᠥᠯᠳᠠ ᠥᠭᠡᠷᠡᠴᠢᠯᠠᠯᠳᠠ ᠪᠤᠯᠤᠨ ᠡᠯ᠎ᠠ ᠲᠤᠰᠬᠠᠢ ᠲᠥᠷᠥᠯ ᠤᠨ ᠲᠥᠯᠥᠪᠵᠢᠭᠦᠯᠭᠡ ᠶᠢᠨ ᠲᠤᠯᠤᠭᠠᠶᠢᠯᠠᠬᠤ ᠰᠠᠯᠠᠭ᠎ᠠ ᠮᠥᠴᠢᠷ ᠨᠠᠶᠢᠳᠠᠪᠤᠷᠢᠵᠢᠯᠳᠠ  ᠶᠢ ᠴᠢᠩᠭ᠎ᠠ ᠠᠳᠬᠤᠵᠤ ᠭᠡᠷᠡᠭᠵᠢᠭᠦᠯᠭᠦ ᠲᠥᠰᠥᠯ ᠤᠨ ᠨᠠᠶᠢᠷᠠᠭᠤᠯᠬᠤ ᠠᠵᠢᠯ ᠢ ᠴᠠᠭ ᠤᠨ ᠱᠠᠭᠠᠷᠳᠠᠯᠭ᠎ᠠ ᠶᠤᠰᠤᠭᠠᠷ ᠥᠨᠳᠤᠷ ᠶᠠᠰᠤ ᠴᠢᠨᠠᠷ ᠲᠠᠢ ᠪᠠᠶᠠᠯᠠᠭᠦᠯᠭᠦ ᠭᠡᠷᠡᠭᠳᠠᠢ᠃ ᠲᠠᠷᠠᠭ᠎ᠠ ᠵᠢᠯ ᠤᠨ ᠭᠤᠤᠯᠳᠠᠯᠭ᠎ᠠ ᠲᠠᠢ ᠠᠵᠢᠯ ᠢ ᠰᠠᠶᠢᠨ ᠲᠥᠯᠥᠪᠵᠢᠭᠦᠯᠵᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠡᠯ᠎ᠠ ᠲᠥᠷᠤᠯ ᠤᠨ ᠠᠵᠢᠯ ᠤᠨ ᠰᠠᠶᠢᠨ ᠡᠭᠢᠯᠠᠯᠳᠠ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号