12 ᠰᠠᠷ᠎ᠠ ᠶᠢᠨ 19 ᠤ ᠡᠳᠦᠷ᠂ ᠬᠤᠳᠠ ᠠᠴᠠ ᠬᠤᠰᠢᠭᠤᠨ ᠳᠤ ᠳᠣᠰᠬᠠᠢ ᠳᠦᠷᠦᠯ ᠤᠨ ᠬᠢᠨᠠᠨ | ᠵᠢᠯᠣᠭᠤᠳᠣᠯᠭ᠎ᠠ ᠬᠢᠭᠰᠡᠨ ᠰᠠᠨᠠᠯ ᠤᠨ ᠬᠠᠷᠢᠭᠤ ᠲᠤᠰᠬᠠᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠳᠦᠪ ᠲᠤ | ᠬᠤᠷᠠᠯᠳᠣᠪᠠ᠃ ᠬᠤᠳᠠ ᠶᠢᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠵᠢᠩᠬᠢᠨᠢ ᠭᠠᠵᠠᠷ ᠤᠨ ᠳᠡᠰ ᠤᠨ | ᠰᠠᠬᠢᠯᠭ᠎ᠠ ᠪᠠᠳᠣ ᠶᠢ ᠪᠠᠶᠢᠴᠠᠭᠠᠬᠤ ᠬᠡᠰᠢᠬᠦᠨ ᠬᠢᠨᠠᠨ ᠵᠢᠯᠣᠭᠤᠳᠬᠤ ᠳᠣᠭᠤᠶᠢᠯᠠᠩ ᠤᠨ ᠳᠠᠷᠤᠭ᠎ᠠ ᠸᠠᠩ ᠵᠠᠨ ᠷᠦᠩ᠂ | ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠣᠶᠠᠨᠮᠠᠨᠳᠣᠬᠤ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠬᠤᠣ ᠸᠧᠢ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠸᠠᠩ ᠯᠢ ᠫᠢᠩ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠯᠠᠨ ᠲᠢᠶᠠᠨ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠣᠬᠠᠭᠤᠯᠬᠤ ᠬᠡᠯᠳᠡᠰ ᠤᠨ ᠳᠠᠷᠤᠭ᠎ᠠ ᠹᠧᠩ ᡁᠢ ᠮᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ | ᠵᠣᠣ ᠶᠦᠩ ᠹᠧᠩ᠂ ᠬᠤᠰᠢᠭᠤ ᠣᠳᠣᠷᠢᠳᠣᠯᠭ᠎ᠠ ᠸᠠᠩ ᠵᠢᠷᠭᠠᠯ᠂ ᠪᠠᠶᠠᠨᠴᠡᠩᠬᠡᠯ᠂ ᠯᠢ᠊ ᠵᠢᠷᠣᠮᠲᠣ᠂ ᠸᠠᠩ ᠭᠠᠩ᠂ | ᠣᠶᠣᠨᠪᠢᠯᠢᠭ᠌ ᠪᠤᠯᠤᠨ ᠬᠤᠳᠠ ᠶᠢᠨ ᠬᠢᠨᠠᠨ ᠵᠢᠯᠣᠭᠤᠳᠬᠤ ᠳᠣᠭᠤᠶᠢᠯᠠᠩ ᠤᠨ ᠪᠣᠰᠣᠳ ᠬᠡᠰᠢᠬᠦᠨ᠂ ᠬᠤᠰᠢᠭᠤ | ᠳᠣᠭᠤᠷᠢᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠡᠰᠢᠬᠦᠨ ᠬᠤᠷᠠᠯ ᠳᠤ ᠣᠷᠣᠯᠴᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠳᠣᠰᠬᠠᠢ ᠰᠡᠳᠣᠪᠲᠣ ᠬᠤᠷᠠᠯ ᠤᠨ | ᠳᠣᠪᠴᠢᠯᠠᠯ ᠢ ᠣᠯᠠᠮᠵᠢᠯᠠᠨ ᠰᠣᠷᠣᠯᠴᠠᠵᠣ ᠬᠤᠳᠠ ᠶᠢᠨ ᠠᠯᠪᠠᠨ ᠳᠢᠩᠬᠢᠮ ᠠᠴᠠ ᠮᠡᠳᠡᠭᠡᠯᠡᠭᠰᠡᠨ ︽ᠬᠤᠳᠠ ᠶᠢᠨ ᠨᠠᠮ | ᠤᠨ ᠬᠤᠷᠢᠶᠠᠨ ᠤ ᠳᠣᠭᠤᠷᠢᠨ ᠪᠠᠶᠢᠴᠠᠭᠠᠬᠤ ᠣᠳᠣᠷᠢᠳᠬᠤ ᠳᠣᠭᠤᠶᠢᠯᠠᠩ ᠤᠨ ᠠᠷᠪᠠᠨ ᠨᠠᠢᠮᠠᠳᠣᠭᠠᠷ ᠣᠳᠠᠭᠠᠨ ᠤ | ᠬᠤᠷᠠᠯ ᠤᠨ ᠳᠣᠪᠴᠢ ᠳᠡᠮᠳᠡᠭᠯᠡᠯ︾ ᠤᠨ ᠠᠭᠤᠯᠭ᠎ᠠ ᠪᠠ ᠬᠤᠳᠠ ᠶᠢᠨ ᠬᠢᠨᠠᠨ ᠵᠢᠯᠣᠭᠤᠳᠬᠤ ᠳᠣᠭᠤᠶᠢᠯᠠᠩ ᠤᠨ | ᠬᠢᠨᠠᠨ ᠵᠢᠯᠣᠭᠤᠳᠣᠯᠭ᠎ᠠ ᠬᠢᠭᠰᠡᠨ ᠰᠠᠨᠠᠯ ᠢ ᠣᠯᠠᠮᠵᠢᠯᠠᠭᠰᠠᠨ ᠪᠠᠶᠢᠨ᠎ᠠ᠃ | ᠬᠤᠷᠠᠯ ᠠᠴᠠ ᠱᠠᠭᠠᠷᠳᠠᠬᠤ ᠳᠠᠭᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠳᠣᠵᠢᠭᠤᠯᠤᠨ | ᠳᠣᠭᠤᠷᠢᠨ ᠪᠠᠶᠢᠴᠠᠭᠠᠵᠦ ᠴᠡᠭᠴᠡᠯᠡᠨ ᠦᠬᠡᠷᠡᠴᠢᠯᠡᠬᠦ ᠬᠠᠷᠢᠭᠤᠴᠠᠯᠭ᠎ᠠ ᠪᠠᠨ ᠴᠢᠩᠭᠠᠳᠬᠠᠨ ᠨᠠᠮ ᠤᠨ ᠬᠤᠷᠢᠶ᠎ᠠ ᠶᠢᠨ | ᠭᠤᠤᠯ ᠬᠠᠷᠢᠭᠤᠴᠠᠯᠭᠠᠳᠠᠨ ᠨᠢᠬᠡᠳᠦᠭᠡᠷ ᠬᠠᠷᠢᠭᠤᠴᠠᠯᠭ᠎ᠠ ᠶᠢᠨ ᠬᠦᠮᠦᠨ ᠤ ᠬᠠᠷᠢᠭᠤᠴᠠᠯᠭ᠎ᠠ ᠪᠠᠨ ᠦᠨᠡᠨᠬᠦ ᠡᠬᠦᠷᠭᠡᠯᠡᠵᠤ | ᠴᠡᠭᠴᠡᠯᠡᠨ ᠦᠬᠡᠷᠡᠴᠢᠯᠡᠬᠦ ᠠᠵᠢᠯ ᠢ ᠳᠤᠯᠤᠭᠠᠶᠢᠯᠠᠨ ᠰᠠᠶᠢᠳᠤᠷ ᠬᠢᠬᠦ ᠬᠡᠷᠡᠭᠳᠡᠢ᠃ ᠰᠠᠬᠢᠯᠭ᠎ᠠ ᠪᠠᠳᠣ ᠬᠢᠨᠠᠨ | ᠪᠠᠶᠢᠴᠠᠭᠠᠬᠤ ᠬᠤᠷᠢᠶᠠᠨ ᠠᠴᠠ ᠡᠳᠦᠷ ᠳᠣᠳᠣᠮ ᠤᠨ ᠬᠢᠨᠠᠯᠳᠠ ᠶᠢ ᠴᠢᠩᠭᠠᠳᠬᠠᠨ ᠦᠷᠬᠦᠯᠵᠢᠳᠡ ᠬᠢᠨᠠᠯᠳᠠ | ᠪᠠᠶᠢᠴᠠᠭᠠᠯᠳᠠ ᠬᠢᠵᠦ ᠵᠣᠬᠢᠶᠠᠨ ᠪᠠᠶᠢᠭᠤᠯᠬᠤ ᠬᠡᠯᠳᠡᠰ ᠠᠴᠠ ᠨᠠᠮ ᠤᠨ ᠵᠣᠬᠢᠶᠠᠨ ᠪᠠᠶᠢᠭᠤᠯᠣᠯᠲᠠ ᠶᠢᠨ ᠪᠠᠶᠢᠭᠤᠯᠣᠯᠲᠠ | ᠂ ᠰᠠᠬᠢᠯᠭ᠎ᠠ ᠳᠦᠷᠢᠮ ᠵᠦᠷᠢᠴᠡᠭᠰᠡᠨ ᠡᠰᠡᠬᠦ ᠵᠡᠷᠭᠡ ᠠᠰᠠᠭᠤᠳᠠᠯ ᠢ ᠴᠢᠩᠭ᠎ᠠ ᠠᠳᠬᠤᠵᠦ ᠴᠡᠭᠴᠡᠯᠡᠯᠳᠡ ᠬᠢᠬᠦ ᠬᠡᠷᠡᠭᠲᠡᠢ᠃ | ᠠᠰᠠᠭᠤᠳᠠᠯ ᠢ ᠦᠨᠳᠦᠰᠦᠨ ᠠᠴᠠ ᠨᠢ ᠰᠶᠢᠳᠪᠤᠷᠢᠯᠡᠬᠦ ᠪᠠᠶᠢᠯᠳᠣᠬᠤ ᠪᠣᠳᠣᠯᠭ᠎ᠠ ᠶᠢ ᠪᠠᠷᠢᠮᠳᠠᠯᠠᠵᠦ ᠨᠠᠮ ᠢ ᠬᠠᠮᠢᠶᠠᠷᠴᠤ | ᠨᠠᠮ ᠢ ᠵᠠᠰᠠᠬᠤ ᠶᠢ ᠬᠠᠮᠤᠬ ᠦᠨᠳᠦᠰᠦᠨ ᠬᠠᠷᠢᠭᠤᠴᠠᠯᠭ᠎ᠠ ᠪᠣᠯᠭᠠᠬᠤ ᠬᠡᠷᠡᠭᠲᠡᠢ ᠬᠡᠪᠡ᠃ | ᠯᠠᠨ ᠲᠢᠶᠠᠨ ᠣᠪᠣᠷ ᠢᠶᠠᠨ ᠢᠯᠡᠳᠬᠡᠵᠦ ᠶᠠᠷᠢᠬᠤ ᠳᠠᠭᠠᠨ᠂ ᠣᠯᠣᠰ ᠳᠦᠷᠦ ᠶᠢᠨ ᠵᠣᠭᠰᠣᠴᠠ ᠪᠠᠨ | ᠳᠡᠭᠡᠭᠰᠢᠯᠡᠬᠦᠯᠵᠦ ᠪᠦᠬᠦᠶᠢᠯᠡ ᠠᠰᠠᠭᠤᠳᠠᠯ ᠢ ᠮᠡᠳᠡᠷᠡᠨ ᠬᠠᠷᠢᠭᠤᠴᠠᠯᠭ᠎ᠠ ᠪᠠᠨ ᠪᠠᠳᠣᠵᠢᠭᠤᠯᠵᠦ ᠣᠷᠳᠣ ᠬᠤᠭᠤᠴᠠᠭᠠᠨ | ᠤ ᠳᠣᠭᠳᠠᠯᠴᠠᠭ᠎ᠠ ᠶᠢ ᠪᠦᠷᠢᠯᠳᠦᠬᠦᠯᠤᠨ ᠠᠰᠠᠭᠤᠳᠠᠯ ᠢ ᠦᠨᠳᠦᠰᠦᠨ ᠠᠴᠠ ᠨᠢ ᠰᠶᠢᠳᠪᠤᠷᠢᠯᠡᠬᠦ ᠪᠠᠶᠢᠯᠳᠣᠬᠤ | ᠪᠣᠳᠣᠯᠭ᠎ᠠ ᠶᠢ ᠦᠨᠡᠨᠬᠦ ᠪᠠᠷᠢᠮᠳᠠᠯᠠᠵᠦ ᠬᠤᠳᠠ ᠶᠢᠨ ᠳᠤᠭᠤᠷᠢᠨ ᠪᠠᠶᠢᠴᠠᠭᠠᠵᠤ ᠬᠠᠷᠢᠭᠤ ᠳᠤᠰᠠᠬᠬᠰᠠᠨ ᠠᠰᠠᠭᠤᠳᠠᠯ ᠢ | ᠵᠤᠷᠪᠤᠰ ᠳᠠᠷᠠᠭᠠᠯᠠᠨ ᠴᠡᠭᠴᠡᠯᠡᠬᠦ ᠶᠢ ᠨᠠᠶᠢᠳᠠᠪᠣᠷᠢᠵᠢᠭᠤᠯᠤᠨ ᠴᠢᠨᠠᠷ ᠰᠠᠶᠢᠳᠠᠢ ᠬᠦᠭᠵᠢᠯᠲᠡ ᠪᠠ ︽ᠨᠤᠮᠢᠨ ᠲᠠᠩᠰᠤᠭ | ᠬᠦᠭᠵᠢᠨ ᠮᠠᠨᠳᠤᠯᠲᠠ︾ ᠶᠢ ᠠᠬᠢᠭᠤᠯᠬᠤ ᠳᠤ ᠪᠠᠳᠣᠯᠠᠭ᠎ᠠ ᠬᠠᠩᠭᠠᠨ᠎ᠠ ᠬᠡᠪᠡ᠃ |