ᠰᠦᠯᠳᠡ ᠰᠤᠮᠤᠨ ᠤ ᠲᠠᠯ᠎ᠠ ᠶᠢᠨ ᠣᠰᠤ ᠭᠠᠴᠠᠭᠠᠨ ᠤ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ | ᠬᠢᠨ ᠦᠨᠡᠨ ᠢᠶᠠᠷ ᠲᠡᠳᠬᠦᠵᠦ ᠪᠤᠳᠠᠳᠠᠢ ᠪᠠᠷ ᠬᠠᠪᠰᠤᠷᠬᠤ ᠠᠵᠢᠯ ᠢ ᠦᠷᠨᠢᠬᠦᠯᠬᠦ ᠶᠠᠪᠤᠴᠠ ᠳᠠᠭᠠᠨ ᠮᠠᠯᠴᠢᠨ | ᠲᠠᠷᠢᠶᠠᠴᠢᠨ ᠤ ᠠᠮᠢᠳᠤᠷᠠᠯ ᠤᠨ ᠲᠤᠮᠳᠠᠬᠢ ᠠᠷᠰᠠᠷ ᠠᠵᠢᠯ ᠢ ᠢᠳᠡᠪᠬᠢᠳᠡᠢ ᠣᠷᠤᠯᠠᠨ ᠬᠦᠢᠴᠡᠳᠬᠡᠬᠦ ᠠᠴᠠ ᠭᠠᠷᠳᠠᠵᠦ | ᠵᠢᠵᠢᠭᠬᠡᠨ ᠣᠴᠢᠷ ᠤᠳ ᠢᠶᠠᠷ ᠲᠠᠮᠵᠢᠨ ᠮᠠᠯᠴᠢᠨ ᠲᠠᠷᠢᠶᠠᠴᠢᠨ ᠤ ᠰᠡᠳᠬᠢᠯ ᠢ ᠲᠤᠯᠠᠭᠠᠴᠠᠭᠤᠯᠵᠦ ᠰᠢᠨ᠎ᠡ ᠴᠠᠭ ᠦᠶ᠎ᠡ | ᠶᠢᠨ ᠺᠠᠳ᠋ᠷ ᠠᠵᠢᠯᠳᠠᠨ ᠤ ᠠᠷᠠᠳ ᠤᠨ ᠲᠥᠯᠦᠬᠡ ᠵᠢᠳᠬᠦᠬᠦ ᠰᠢᠯᠢᠳᠡᠭ ᠣᠪᠤᠷ ᠰᠤᠷᠳᠠᠯ ᠢ ᠪᠠᠳᠠᠷᠠᠭᠤᠯᠵᠦ ᠪᠠᠶᠢᠨ᠎ᠠ᠃ | ᠡᠨᠡ ᠵᠢᠯ ᠤᠨ 5 ᠰᠠᠷ᠎ᠠ ᠠᠴᠠ ᠡᠬᠢᠯᠡᠨ ᠰᠦᠯᠳᠡ ᠰᠤᠮᠤᠨ ᠤ ᠲᠠᠯ᠎ᠠ ᠶᠢᠨ ᠣᠰᠤ ᠭᠠᠴᠠᠭᠠᠨ ᠤ ᠲᠤᠰᠬᠤᠨ | ᠳᠤ ᠰᠠᠭᠤᠭ᠎ᠠ ᠠᠵᠢᠯᠯᠠᠬᠤ ᠠᠩᠬᠢ ᠶᠢᠨ ᠺᠠᠳ᠋ᠷᠴᠦᠳ ᠡᠯ᠎ᠡ ᠰᠠᠯᠠᠭ᠎ᠠ ᠮᠥᠴᠢᠷ ᠤᠨ ᠤᠴᠢᠷ ᠶᠠᠪᠤᠳᠠᠯ ᠬᠦᠢᠴᠡᠳᠬᠡᠬᠦ | ᠠᠯᠬᠤᠮ ᠲᠠᠷᠠᠭᠠᠯᠠᠯ᠂ ᠰᠦᠯᠵᠢᠶᠡᠨ ᠬᠤᠳᠠᠯᠳᠤᠭ᠎ᠠ ᠪᠠ ᠪᠤᠷᠤᠯᠠᠭᠤᠯᠭ᠎ᠠ ᠵᠡᠷᠭᠡ ᠶᠢ ᠪᠤᠯᠪᠠᠰᠤᠷᠠᠩᠭᠤᠢ ᠡᠵᠡᠮᠰᠢᠭᠰᠡᠨ | ᠲᠠᠪᠠᠭᠤᠯᠢᠭ ᠢᠶᠠᠨ ᠠᠰᠢᠭᠯᠠᠨ ᠮᠠᠯᠴᠢᠨ ᠲᠠᠷᠢᠶᠠᠴᠢᠨ ᠤ ᠣᠴᠢᠷ ᠶᠠᠪᠤᠳᠠᠯ ᠬᠦᠢᠴᠡᠳᠬᠡᠬᠦ ᠳᠤ ᠬᠦᠴᠢᠷᠳᠡᠵᠦ ᠪᠠᠶᠢᠭ᠎ᠠ | ᠪᠤᠳᠠᠳᠤ ᠪᠠᠶᠢᠳᠠᠯ ᠳᠤ ᠬᠠᠨᠳᠤᠭᠤᠯᠤᠨ ᠮᠠᠯᠴᠢᠨ ᠲᠠᠷᠢᠶᠠᠴᠢᠨ ᠤ ᠭᠠᠷ ᠬᠦᠢᠴᠡᠳᠬᠡᠯ ᠢ ᠣᠷᠤᠯᠠᠨ ᠬᠢᠬᠦ᠂ ᠠᠮᠢᠳᠤᠷᠠᠯ | ᠤᠨ ᠬᠡᠷᠡᠭᠯᠡᠬᠡᠨ ᠤ ᠵᠦᠢᠯᠡᠰ ᠢ ᠣᠷᠤᠯᠠᠨ ᠠᠪᠬᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠣᠷᠤᠯᠠᠨ | ᠪᠤᠷᠤᠯᠠᠭᠤᠯᠬᠤ ᠵᠡᠷᠭᠡ ᠦᠢᠯᠡᠴᠢᠯᠡᠭᠡ ᠶᠢ ᠨᠡᠶᠢᠳᠡ 100 ᠭᠠᠷᠤᠢ ᠣᠳᠠᠭ᠎ᠠ ᠬᠢᠵᠦ ᠺᠠᠳ᠋ᠷ ᠣᠯᠠᠨ ᠲᠥᠮᠡᠨ ᠤ | ᠬᠠᠷᠢᠴᠠᠭ᠎ᠠ ᠶᠢ ᠣᠯᠠᠮ ᠨᠢᠭᠳᠠᠷᠠᠭᠤᠯᠵᠦ ᠺᠠᠳ᠋ᠷ ᠠᠵᠢᠯᠳᠠᠨ ᠢᠳᠡᠪᠬᠢᠳᠠᠢ ᠬᠦᠳᠡᠯᠦᠯᠴᠡᠨ ᠠᠷᠠᠳ ᠣᠯᠠᠨ ᠳᠤ | ᠦᠢᠯᠡᠴᠢᠯᠡᠬᠦ ᠰᠢᠯᠢᠳᠡᠭ ᠰᠠᠶᠢᠨ ᠠᠵᠢᠯ ᠤᠨ ᠣᠪᠤᠷ ᠰᠤᠷᠳᠠᠯ ᠢ ᠪᠤᠢ ᠪᠤᠯᠭᠠᠭᠰᠠᠨ ᠪᠠᠶᠢᠨ᠎ᠠ᠃ |