ᠪᠦᠷᠢᠲᠤ ᠭᠠᠴᠠᠭᠠᠨ ᠤ ᠮᠠᠯᠴᠢᠳ ︽ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠣᠢ ᠶᠢ ᠪᠠᠶᠠᠷᠯᠠᠨ ᠪᠡᠯᠬᠡᠯᠡᠬᠦ ᠶᠡᠭᠡ ᠬᠤᠷᠠᠯ︾ ᠤᠨ ᠰᠢᠭᠤᠳ ᠨᠡᠪᠳᠡᠷᠡᠬᠦᠯᠬᠡ ᠶᠢ ᠬᠦᠯᠢᠶᠡᠨ ᠦᠵᠡᠪᠡ
ᠨᠡᠶᠢᠲᠡᠯᠡᠭᠰᠡᠨ ᠴᠠᠭ᠄
2018-12-25
      12 ᠰᠠᠷ᠎ᠠ ᠶᠢᠨ 18 ᠤ ᠡᠳᠣᠷ᠂ ᠦᠤᠰᠢᠨᠵᠤᠤ ᠪᠠᠯᠭᠠᠰᠤᠨ ᠤ ᠪᠦᠷᠢᠲᠤ ᠭᠠᠴᠠᠭᠠᠨ ᠤ ᠮᠠᠯᠴᠢᠳ ᠲᠡᠷᠯᠢᠭ  ᠢᠶᠠᠷ ᠢᠶᠠᠨ ᠭᠤᠶᠤᠵᠤ᠂ ᠭᠠᠴᠠᠭᠠᠨ ᠲᠦᠪ ᠲᠤ ︽ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠣᠢ ᠶᠢ ᠪᠠᠶᠠᠷᠯᠠᠨ ᠪᠡᠯᠬᠡᠯᠡᠬᠦ ᠶᠡᠭᠡ ᠬᠤᠷᠠᠯ︾ ᠤᠨ ᠲᠦᠪ ᠤᠨ ᠲᠧᠯᠸᠢᠰ ᠬᠤᠷᠢᠶᠠᠨ ᠤ ᠰᠢᠭᠤᠳ ᠨᠡᠪᠳᠡᠷᠡᠬᠦᠯᠬᠡ ᠶᠢ ᠬᠦᠯᠢᠶᠡᠨ ᠦᠵᠡᠵᠤ᠂ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠭᠰᠠᠨ ᠦᠬᠡᠷᠡᠴᠢᠯᠡᠯᠳᠡ ᠨᠡᠬᠡᠬᠡᠯᠳᠡ ᠬᠢᠭᠰᠡᠨ  ᠠᠴᠠ ᠨᠠᠰᠢᠬᠢ 40 ᠵᠢᠯ ᠤᠨ ᠠᠮᠵᠢᠯᠲᠠ ᠪᠦᠲᠦᠮᠵᠢ ᠶᠢ ᠰᠡᠳᠬᠢᠯ ᠲᠠᠯᠪᠢᠨ ᠠᠩᠬᠠᠷᠤᠨ ᠰᠤᠨᠤᠰᠴᠤ ᠤᠯᠠᠨ ᠢᠶᠠᠷ  ᠢᠶᠠᠨ ᠪᠠᠶᠠᠷᠯᠠᠨ ᠲᠤᠭᠲᠤᠯᠵᠤ᠂ ᠲᠠᠨᠢᠭᠦᠨ ᠵᠢᠷᠭᠠᠯᠲᠤ ᠠᠮᠢᠳᠤᠷᠠᠯ ᠢᠶᠠᠨ ᠴᠤᠭᠴᠠᠯᠠᠨ ᠪᠠᠶᠢᠭᠤᠯᠬᠤ ᠢᠳᠡᠬᠡᠯ ᠵᠤᠷᠢᠭ  ᠢᠶᠠᠨ ᠭᠥᠪᠴᠢᠯᠡᠭᠰᠠᠨ ᠪᠠᠶᠢᠨ᠎ᠠ᠃      ᠦᠣᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠤ ᠨᠠᠮ ᠤᠨ ᠡᠬᠦᠷ ᠤᠨ ᠱᠦᠵᠢ ᠡᠷᠳᠡᠨᠢᠪᠠᠶᠠᠷ᠄ ︽ᠰᠠᠶ᠋ᠢ ᠶᠡᠷᠤᠩᠬᠡᠢ ᠱᠦᠵᠢ ᠶᠢᠨ ᠶᠠᠷᠢᠭᠰᠠᠨ ᠦᠬᠡᠷᠡᠴᠢᠯᠡᠯᠳᠡ ᠨᠡᠬᠡᠬᠡᠯᠳᠡ ᠶᠢᠨ ᠲᠦᠴᠢᠨ ᠵᠢᠯ ᠤᠨ ᠠᠮᠵᠢᠯᠳᠠ ᠪᠦᠲᠦᠮᠵᠢ ᠶᠢ ᠰᠤᠨᠤᠰᠤᠭᠠᠳ ᠪᠢ ᠨᠢᠭᠡᠨ ᠦᠨᠳᠤᠰᠤᠨ ᠱᠠᠲᠤᠨ ᠤ ᠺᠠᠳ᠋ᠷ ᠠᠵᠢᠯᠳᠠᠨ ᠪᠤᠯᠤᠭᠰᠠᠨ ᠤ ᠬᠤᠪᠢ ᠳᠤ ᠲᠦᠢᠯ ᠤᠨ ᠶᠡᠭᠡ  ᠪᠠᠷ ᠲᠠᠭᠠᠨ ᠪᠠᠶᠠᠰᠴᠤ ᠵᠤᠷᠢᠭᠵᠢᠵᠦ ᠪᠠᠶᠢᠨ᠎ᠠ᠃ ᠡᠨᠡ 40 ᠳᠤ ᠮᠠᠨ ᠤ ᠮᠠᠯᠵᠢᠬᠤ ᠲᠠᠷᠢᠶᠠᠯᠠᠬᠤ ᠤᠷᠤᠨ ᠳᠤ ᠯᠤᠳᠤ ᠶᠡᠭᠡ ᠬᠤᠪᠢᠷᠠᠯᠳᠠ ᠭᠠᠷᠤᠭᠰᠠᠨ ᠰᠠᠭᠤᠷᠢᠨ ᠲᠡᠬᠡᠷ᠎ᠡ ᠮᠠᠨᠤᠰ ᠬᠤᠵᠢᠮ ᠦᠷᠬᠦᠯᠵᠢᠯᠡᠨ ᠣᠭ ᠰᠠᠨᠠᠭ᠎ᠠ ᠪᠠᠨ ᠦᠯᠤ ᠮᠠᠷᠲᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠨ ᠠᠷᠠᠳ ᠲᠥᠮᠡᠨ ᠳᠡᠭᠡᠨ ᠨᠡᠩ ᠰᠠᠶᠢᠨ ᠦᠢᠯᠡᠴᠢᠯᠡᠵᠦ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠰᠠᠶᠢᠳᠤᠷ ᠪᠡᠶᠡᠯᠡᠬᠦᠯᠬᠦ ᠪᠠᠷ ᠴᠢᠷᠮᠠᠶᠢᠨ ᠠᠵᠢᠯᠯᠠᠨ᠎ᠠ︾ ᠭᠡᠪᠡ᠃      ᠦᠣᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠤ ᠮᠠᠯᠴᠢᠨ ᠰᠠᠶᠢᠠᠨᠤᠷᠪᠦ᠄ ︽ᠦᠬᠡᠷᠡᠴᠢᠯᠡᠯᠳᠡ ᠨᠡᠬᠡᠬᠡᠯᠳᠡ ᠬᠢᠭᠰᠡᠨ ᠠᠴᠠ ᠨᠠᠰᠢ ᠮᠠᠨ ᠤ ᠮᠠᠯᠴᠢᠳ ᠤᠨ ᠠᠮᠢᠳᠤᠷᠠᠯ ᠮᠡᠳᠡᠭᠳᠡᠮ᠎ᠡ ᠰᠠᠶᠢᠵᠢᠷᠠᠭᠰᠠᠨ᠂ ᠪᠤᠳᠠᠳᠠᠢ ᠪᠠᠷ ᠬᠡᠯᠡᠪᠡᠯ ᠣᠣᠯ  ᠳᠠᠭᠠᠨ ᠮᠠᠨ ᠪᠦᠷᠢᠳᠤ ᠤ ᠭᠠᠴᠠᠭ᠎ᠠ ᠡᠯᠡᠰᠤ ᠮᠠᠩᠬ᠎ᠠ 68% ᠶᠢ ᠲᠠᠪᠠᠵᠦ ᠪᠠᠶᠢᠭᠰᠠᠨ᠂ ᠣᠳᠤ ᠦᠪᠡᠷ ᠦᠪᠡᠷ ᠤᠨ ᠲᠠᠭᠠᠭᠠᠴᠢᠯᠠᠭᠰᠠᠨ ᠭᠠᠵᠠᠷ ᠢᠶᠠᠨ ᠣᠶᠢᠵᠢᠭᠤᠯᠤᠭᠠᠳ ᠢᠯᠡᠷᠬᠡᠢ ᠦᠷ᠎ᠡ ᠪᠦᠲᠦᠮᠵᠢᠳᠠᠢ ᠪᠤᠯᠤᠭᠰᠠᠨ᠂ ᠮᠠᠯ ᠤᠨ ᠪᠡᠯᠴᠢᠬᠡᠷ ᠨᠡᠮᠡᠭᠳᠡᠵᠦ ᠮᠠᠯ ᠠᠷᠪᠢᠳᠴᠤ᠂ ᠮᠠᠯᠴᠢᠳ ᠤᠨ ᠠᠮᠢᠳᠤᠷᠠᠯ ᠶᠡᠭᠡ ᠰᠠᠶᠢᠨ ᠲᠡᠭᠡᠭᠰᠢᠯᠡᠭᠰᠡᠨ ᠪᠠᠶᠢᠨ᠎ᠠ︾ ᠭᠡᠵᠡᠢ
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号