ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-12-25
     12 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠪᠤᠯᠤᠨ ᠪᠤᠰᠤᠳ ᠭᠡᠷ ᠲᠡᠭᠡᠨ ᠪᠠᠶᠢᠭ᠎ᠠ ᠰᠢᠶᠠᠨ ᠤ ᠲᠡᠰ ᠤᠨ ᠪᠦᠬᠦ ᠤᠳᠤᠷᠢᠳᠤᠯᠭ᠎ᠠ᠂ ᠡᠯ᠎ᠠ ᠰᠤᠮᠤ ᠪᠠᠯᠭᠠᠰᠤᠨ ᠤ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ᠂ ᠡᠯ᠎ᠠ ᠠᠷᠠᠳ ᠤᠨ ᠪᠥᠯᠭᠦᠮ᠂ ᠡᠯ᠎ᠠ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠨ᠂ ᠡᠯ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ︵ᠭᠥᠷᠢᠶᠠᠯᠠᠩ ᠲᠤᠭᠤᠷᠢᠭ︶ ᠤ ᠬᠤᠯᠪᠤᠭᠳᠠᠯ ᠪᠥᠭᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ ᠸᠠᠩ ᠯᠢ ᠫᠢᠩ᠂ ᠪᠥᠭᠦ ᠬᠤᠳᠠ ᠶᠢᠨ ᠬᠤᠳᠠ ᠶᠢᠨ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠠᠭᠢᠭᠤᠯᠤᠯᠳᠠ ᠶᠢᠨ ᠬᠤᠷᠠᠯ ᠤᠨ ᠵᠤᠷᠢᠭ ᠰᠨᠠᠠᠭ᠎ᠠ ᠶᠢ ᠤᠯᠠᠮᠵᠢᠯᠠᠵᠤ ᠮᠠᠨ ᠤ ᠬᠤᠰᠢᠭᠤᠨ ᠤ ᠬᠤᠳᠠ ᠶᠢᠨ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠳᠤ ᠪᠤᠳᠠᠳᠠᠢ ᠲᠤᠭᠢᠷᠠᠭᠤᠯᠤᠯᠳᠠ ᠭᠢᠪᠠ᠃ ᠹᠧᠩ ᡁᠢ ᠮᠢᠩ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠬᠠᠢ ᠬᠤᠯᠪᠤᠭᠳᠠᠯ ᠪᠥᠭᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠨᠢ ᠪᠢᠴᠢᠭ ᠤᠨ ᠭᠡᠯᠪᠠᠷᠢ ᠪᠠᠷ ᠰᠢ ᠶᠢᠨ ᠫᠢᠩ ᠶᠠᠷᠤᠩᠭᠡᠢ ᠱᠥᠵᠢ ᠶᠢᠨ ᠱᠠᠰᠢᠨ ᠰᠤᠷᠳᠠᠬᠤᠨ ᠤ ᠠᠵᠢᠯ ᠤᠨ ᠲᠤᠬᠠᠢ ᠴᠢᠬᠤᠯᠠ ᠥᠭᠦᠯᠠᠯᠳᠠ ᠪᠤᠯᠤᠨ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠱᠠᠰᠢᠨ ᠰᠤᠷᠳᠠᠬᠤᠨ ᠤ ᠠᠵᠢᠯ ᠤᠨ ᠲᠥᠷᠢᠮ︾ ᠢ ᠰᠤᠷᠤᠯᠴᠠᠨ ᠤᠯᠠᠮᠵᠢᠯᠠᠪᠠ᠃      ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠰᠠᠭ ᠵᠠᠭᠢᠷᠭᠠᠨ ᠤ ᠬᠠᠮᠢᠶᠠᠷᠤᠯᠳᠠ ᠶᠢᠨ ᠵᠢᠭᠠᠬᠤ ᠶᠢ ᠰᠤᠳᠤᠯᠬᠤ ᠭᠡᠯᠳᠡᠰ ᠤᠨ ᠡᠷᠭᠢᠯᠡᠭᠴᠢ ᠪᠤᠤ ᠶᠢᠨ ᠱᠠᠨ᠂ ᠬᠤᠰᠢᠭᠤ ᠰᠠᠭᠢᠯᠬ᠎ᠠ ᠪᠠᠳᠤ ᠪᠠᠶᠢᠴᠠᠭᠠᠬᠤ ᠬᠤᠷᠢᠶ᠎ᠠ ᠭᠢᠨᠠᠨ ᠪᠠᠶᠢᠴᠠᠭᠠᠬᠤ ᠵᠦᠪᠯᠡᠯ ᠤᠨ ᠭᠡᠷᠡᠭ ᠤᠨ ᠭᠢᠨᠠᠯᠳᠠ ᠲᠠᠯᠪᠢᠬᠤ ᠬᠠᠮᠢᠶᠠᠷᠤᠯᠳᠠ ᠶᠢᠨ ᠲᠠᠰᠤᠭ ᠤᠨ ᠰᠢᠤᠢ ᠰᠢᠶᠤᠤ ᠫᠢᠩ ᠪᠠᠭᠰᠢ ᠶᠢ ᠤᠨᠴᠠᠭᠠᠶᠢᠯᠠᠨ ᠤᠷᠢᠵᠤ ᠲᠤᠰᠬᠠᠢ ᠰᠡᠳᠤᠪᠳᠤ ᠲᠠᠶᠢᠯᠤᠮᠵᠢ ᠭᠢᠯᠭᠡᠭᠰᠠᠨ ᠪᠠᠶᠢᠨ᠎ᠠ᠃      ᠬᠤᠷᠠᠯ ᠲᠡᠭᠡᠷ᠎ᠡ ᠡᠷᠳᠡᠨᠢᠪᠢᠯᠢᠭ᠂ ᠥᠭᠡᠷᠡᠴᠢᠯᠠᠯᠳᠠ ᠨᠡᠭᠡᠭᠡᠯᠳᠠ ᠭᠢᠭᠰᠡᠨ 40 ᠵᠢᠯ ᠤᠨ ᠤᠢ ᠶᠢ ᠪᠡᠯᠭᠡᠯᠡᠭᠦ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠪᠤᠯᠤᠨ ᠤᠳᠤᠬᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠥᠭᠡᠷᠡᠴᠢᠯᠠᠯᠳᠠ ᠨᠡᠭᠡᠭᠡᠯᠳᠠ ᠭᠢᠭᠰᠡᠨ 40 ᠵᠢᠯ ᠤᠨ ᠤᠢ ᠶᠢ ᠪᠡᠯᠭᠡᠯᠡᠭᠦ ᠶᠡᠭᠡ ᠬᠤᠷᠠᠯ ᠲᠡᠭᠡᠷᠡᠭᠢ ᠶᠠᠷᠤᠩᠭᠡᠢ ᠱᠥᠵᠢ ᠶᠢᠨ ᠶᠠᠷᠢᠶ᠎ᠠ ᠨᠢ ᠥᠭᠡᠷᠡᠴᠢᠯᠠᠯᠳᠠ ᠨᠡᠭᠡᠭᠡᠯᠳᠠ ᠭᠢᠭᠰᠡᠨ 40 ᠵᠢᠯ ᠤᠨ ᠲᠤᠷᠰᠢᠭᠢ ᠮᠠᠨ ᠤ ᠤᠯᠤᠰ ᠤᠨ ᠡᠯ᠎ᠠ ᠲᠥᠷᠥᠯ ᠤᠨ ᠠᠵᠢᠯ ᠥᠢᠯᠡᠰ ᠲᠤ ᠤᠯᠤᠭᠰᠠᠨ ᠠᠭᠤᠤ ᠶᠡᠭᠡ ᠠᠮᠵᠢᠯᠳᠠ ᠪᠥᠳᠥᠮᠵᠢ ᠶᠢ ᠡᠷᠭᠢᠴᠠᠭᠦᠯᠵᠤ ᠨᠠᠮ ᠤᠨ ᠲᠥᠪ ᠬᠤᠷᠢᠶ᠎ᠠ ᠥᠭᠡᠷᠡᠴᠢᠯᠠᠯᠳᠠ ᠨᠡᠭᠡᠭᠡᠯᠳᠠ ᠶᠢ ᠥᠷᠭᠦᠯᠵᠢᠯᠠᠨ ᠭᠥᠨᠵᠡᠭᠡᠶᠢᠷᠠᠭᠦᠯᠭᠦ ᠡᠷᠡᠰ ᠵᠤᠷᠢᠭ ᠢᠶᠠᠨ ᠲᠤᠳᠤᠷᠬᠠᠶᠢᠯᠠᠨ ᠪᠢᠳᠠᠨ ᠤ ᠬᠤᠵᠢᠮ ᠤᠨ ᠥᠭᠡᠷᠡᠴᠢᠯᠠᠯᠳᠠ ᠨᠡᠭᠡᠭᠡᠯᠳᠠ ᠶᠢᠨ ᠠᠵᠢᠯ ᠳᠤ ᠴᠢᠭᠯᠡᠯ ᠢ ᠵᠢᠭᠠᠵᠦ ᠥᠨᠳᠤᠰᠤᠨ ᠵᠢᠷᠤᠮᠯᠠᠯ ᠬᠠᠩᠭᠠᠭᠰᠠᠨ ᠪᠠᠶᠢᠨ᠎ᠠ᠃ ᠪᠥᠭᠦ ᠬᠤᠰᠢᠭᠤᠨ ᠤ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠤᠯᠠᠮᠵᠢᠯᠠᠨ ᠬᠤᠷᠠᠯ ᠤᠨ ᠵᠤᠷᠢᠭ ᠰᠠᠨᠠᠭ᠎ᠠ ᠪᠠᠷ ᠲᠠᠷᠢᠭᠢ ᠲᠤᠯᠤᠭᠠᠢ ᠪᠠᠨ ᠵᠡᠪᠰᠡᠭᠯᠠᠨ ᠥᠢᠯᠡᠳᠤᠯᠭᠡ ᠪᠠᠨ ᠵᠢᠯᠤᠭᠤᠳᠤᠭᠤᠯᠵᠤ ᠠᠵᠢᠯ ᠢᠶᠠᠨ ᠠᠭᠢᠭᠤᠯᠤᠨ ᠪᠥᠭᠦ ᠬᠤᠰᠢᠭᠤᠨ ᠤ ᠡᠯ᠎ᠠ ᠲᠥᠷᠥᠯ ᠤᠨ ᠠᠵᠢᠯ ᠢ ᠲᠠᠭᠢᠨ ᠰᠢᠨ᠎ᠠ ᠨᠢᠭᠡᠨ ᠲᠡᠭᠳᠡᠷ ᠲᠤ ᠭᠠᠷᠭᠠᠬᠤ ᠭᠡᠷᠡᠭᠳᠠᠢ ᠭᠡᠵᠡᠢ᠃ ᠮᠠᠨ ᠤ ᠬᠤᠰᠢᠭᠤᠨ ᠤ 40 ᠵᠢᠯ ᠤᠨ ᠲᠤᠷᠰᠢᠭᠢ ᠥᠭᠡᠷᠡᠴᠢᠯᠠᠯᠳᠠ ᠨᠡᠭᠡᠭᠡᠯᠳᠠ ᠶᠢᠨ ᠥᠷ᠎ᠠ ᠪᠥᠳᠥᠭᠡᠯ ᠢ ᠥᠷᠭᠡᠨ  ᠢᠶᠠᠷ ᠤᠬᠠᠭᠤᠯᠤᠨ ᠥᠵᠠᠯ ᠰᠠᠨᠠᠭ᠎ᠠ ᠪᠠᠨ ᠴᠢᠯᠤᠭᠡᠯᠠᠵᠦ ᠰᠠᠳᠭᠢᠯ ᠢᠶᠠᠨ ᠨᠢᠭᠡᠳᠤᠭᠦᠯᠤᠨ ᠭᠥᠴᠤᠨ ᠢᠶᠠᠨ ᠬᠠᠮᠳᠤᠳᠬᠠᠵᠦ ᠯᠠᠪᠳᠠᠭᠤᠨ ᠪᠠᠳᠤᠳᠠᠢ ᠠᠵᠢᠯᠯᠠᠨ ᠪᠤᠳᠠᠳᠤ ᠠᠵᠢᠯᠯᠠᠭ᠎ᠠ ᠪᠠᠷ ᠢᠶᠠᠨ ᠥᠭᠡᠷᠡᠴᠢᠯᠠᠯᠳᠠ ᠨᠡᠭᠡᠭᠡᠯᠳᠠ ᠶᠢ ᠭᠥᠨᠵᠡᠭᠡᠶᠢᠷᠠᠭᠦᠯᠵᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠨᠡᠩ ᠶᠡᠭᠡ ᠬᠤᠪᠢ ᠨᠠᠮᠠᠷᠢ ᠪᠠᠨ ᠡᠷᠭᠦᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠤᠯᠤᠰ ᠲᠥᠷᠥ ᠶᠢ ᠡᠷᠭᠢᠮᠯᠠᠭᠦ ᠶᠢ ᠲᠠᠷᠢᠭᠦᠨ ᠳᠤ ᠲᠠᠯᠪᠢᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠨᠠᠮ ᠤᠨ ᠤᠯᠤᠰ ᠲᠥᠷᠥ ᠶᠢᠨ ᠪᠠᠶᠢᠭᠤᠯᠤᠯᠳᠠ  ᠪᠠᠷ ᠶᠠᠷᠤᠩᠭᠡᠶᠢᠯᠠᠨ ᠵᠢᠯᠤᠭᠤᠳᠤᠭᠤᠯᠵᠤ ᠤᠯᠤᠰ ᠲᠥᠷᠥ ᠶᠢᠨ ᠤᠳᠤᠷᠢᠳᠬᠤ ᠬᠠᠷᠢᠭᠤᠴᠠᠯᠭ᠎ᠠ ᠶᠢ ᠭᠥᠢᠴᠡᠳᠭᠡᠵᠤ ᠨᠠᠮ  ᠤᠨ ᠭᠡᠰᠢᠭᠦᠨ ᠺᠠᠳ᠋ᠷᠴᠤᠳ ᠲᠥᠷᠪᠡᠨ ᠤᠬᠠᠮᠰᠠᠷ ᠢ ᠲᠠᠰᠤᠷᠠᠯᠲᠠ ᠥᠭᠡᠢ ᠲᠡᠭᠡᠭᠰᠢᠯᠡᠭᠦᠯᠤᠨ ᠲᠥᠷᠪᠡᠨ ᠢᠳᠡᠭᠡᠯ ᠢ ᠪᠠᠳᠤᠳᠬᠠᠵᠤ ᠬᠤᠶᠠᠷ ᠢ ᠬᠠᠮᠠᠭᠠᠯᠠᠬᠤ ᠶᠢ ᠥᠢᠯᠡᠳᠤᠯᠭᠡᠵᠢᠭᠦᠯᠤᠨ ᠲᠥᠪ ᠬᠤᠷᠢᠶ᠎ᠠ ᠪᠤᠯᠤᠨ ᠲᠡᠭᠡᠷ᠎ᠡ ᠱᠠᠳᠤᠨ ᠤ ᠨᠠᠮ  ᠤᠨ ᠵᠤᠭᠢᠶᠠᠨ ᠪᠠᠶᠢᠭᠤᠯᠤᠯᠳᠠ ᠶᠢᠨ ᠡᠯ᠎ᠠ ᠲᠥᠷᠥᠯ ᠤᠨ ᠰᠶᠢᠳᠪᠤᠷᠢᠳᠤ ᠪᠠᠶᠢᠷᠢᠯᠠᠭᠤᠯᠤᠯᠳᠠ ᠶᠢ ᠪᠤᠳᠠᠳᠠᠢ ᠳᠤ ᠤᠷᠤᠨᠵᠢᠭᠤᠯᠵᠦ ᠥᠢᠯᠡᠴᠢᠯᠡᠭᠡ ᠶᠢ ᠰᠢᠯᠢᠳᠡᠭᠵᠢᠭᠦᠯᠭᠦ ᠪᠠᠷ ᠭᠤᠤᠯ ᠪᠤᠯᠭᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠤᠨᠴᠠᠭᠠᠶᠢᠯᠠᠨ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠤᠯᠤᠨ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ᠨᠠᠮ ᠤᠨ ᠡᠭᠦᠷ ᠤᠯᠠᠨ ᠲᠥᠮᠡᠨ ᠳᠤ ᠥᠢᠯᠠᠴᠢᠯᠠᠭᠦ ᠶᠢ ᠭᠤᠤᠯᠳᠠᠯᠭ᠎ᠠ ᠲᠠᠢ ᠡᠭᠦᠷᠭᠡ ᠪᠤᠯᠤᠨ ᠥᠨᠳᠤᠰᠤᠨ ᠬᠠᠷᠢᠭᠤᠴᠠᠯᠭ᠎ᠠ ᠪᠤᠯᠭᠠᠨ ᠰᠢᠨ᠎ᠠ ᠪᠠᠶᠢᠳᠠᠯ ᠲᠤᠤᠷᠠᠭᠢ ᠤᠯᠠᠨ ᠲᠥᠮᠡᠨ ᠤ ᠠᠵᠢᠯ ᠢ ᠰᠠᠶᠢᠨ ᠬᠢᠬᠦ ᠭᠡᠷᠡᠭᠳᠠᠢ᠃ ᠴᠢᠨᠠᠷ ᠢ ᠲᠡᠭᠡᠭᠰᠢᠯᠠᠭᠦᠯᠭᠦ ᠶᠢ ᠥᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠪᠥᠭᠦ ᠶᠠᠪᠤᠴᠠ  ᠳᠤ ᠲᠤᠭᠤᠰᠢᠯᠠᠭᠤᠯᠵᠦ ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠭᠤᠤᠯ ᠴᠤᠭᠴᠠ ᠶᠢᠨ ᠥᠢᠯᠡᠳᠤᠯ ᠢ ᠪᠠᠳᠠᠷᠠᠭᠤᠯᠬᠤ ᠭᠡᠷᠡᠭᠳᠠᠢ᠃ ᠭᠥᠭᠵᠢᠯᠳᠠ ᠶᠢ ᠠᠭᠢᠭᠤᠯᠬᠤ ᠶᠢ ᠪᠤᠳᠠᠳᠠᠢ ᠳᠤ ᠨᠠᠶᠢᠳᠠᠪᠤᠷᠢᠵᠢᠭᠤᠯᠵᠤ ᠥᠨᠳᠤᠰᠤᠨ ᠱᠠᠳᠤᠨ ᠤ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠤᠨ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠢ ᠥᠷᠨᠢᠭᠦᠯᠭᠦ᠂ ᠨᠠᠮ ᠤᠨ ᠭᠡᠰᠢᠭᠦᠨ ᠢ ᠭᠥᠮᠤᠵᠢᠭᠦᠯᠭᠦ᠂ ᠲᠤᠭᠳᠠᠭᠤᠨ ᠭᠥᠭᠵᠢᠯᠳᠠ ᠳᠤ ᠥᠢᠯᠡᠴᠢᠯᠠᠭᠦ ᠵᠡᠷᠭᠡ ᠶᠢᠨ ᠪᠤᠳᠠᠳᠠᠢ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠵᠢᠯ ᠤᠨ ᠡᠭᠢᠨ  ᠳᠤ ᠲᠤᠭᠳᠠᠭᠠᠭᠰᠠᠨ ᠡᠯ᠎ᠠ ᠲᠥᠷᠥᠯ ᠤᠨ ᠬᠠᠷᠠᠯᠳᠠ ᠡᠭᠦᠷᠭᠡ ᠶᠤᠰᠤᠭᠠᠷ ︽ᠡᠷᠭᠢᠵᠤ ᠬᠠᠷᠠᠬᠤ︾ ᠠᠵᠢᠯ ᠢ ᠥᠷᠨᠢᠭᠦᠯᠤᠨ ᠨᠠᠷᠢᠨ ᠳ᠋ᠥᠩᠨᠡᠯᠳᠠ  ᠬᠢᠵᠦ ᠲᠤᠳᠠᠭᠤ ᠪᠠᠨ ᠨᠥᠭᠦᠪᠤᠷᠢᠯᠠᠨ ᠪᠥᠭᠦ ᠵᠢᠯ ᠤᠨ ᠡᠯ᠎ᠠ ᠲᠥᠷᠥᠯ ᠤᠨ ᠬᠠᠷᠠᠯᠳᠠ ᠡᠭᠦᠷᠭᠡ ᠶᠢ ᠠᠮᠵᠢᠯᠳᠠ ᠲᠠᠢ ᠪᠡᠶᠡᠯᠡᠬᠦᠯᠬᠦ ᠬᠡᠷᠡᠭᠲᠡᠢ᠃ ᠠᠶᠤᠯᠭᠦᠢ ᠦᠢᠯᠡᠳᠪᠤᠷᠢᠯᠡᠯ᠂ ᠲᠤᠭᠳᠠᠭᠤᠨ ᠢ ᠬᠠᠮᠠᠭᠠᠯᠠᠬᠤ᠂ ᠤᠷᠴᠢᠨ ᠲᠤᠭᠤᠷᠢᠨ ᠤ ᠬᠠᠮᠠᠭᠠᠯᠠᠯᠲᠠ᠂ ᠢᠳᠡᠭᠡᠨ ᠤ ᠠᠮᠤᠷ ᠲᠥᠪᠰᠢᠨ ᠪᠤᠯᠤᠨ ᠠᠹᠷᠢᠺᠠ ᠲᠢᠪ ᠤᠨ ᠭᠠᠭ᠋ᠠᠢ ᠶᠢᠨ ᠭᠢᠵᠢᠭ ᠢ ᠰᠠᠷᠭᠡᠶᠢᠯᠡᠬᠦ ᠵᠡᠷᠭᠡ ᠶᠢᠨ ᠭᠤᠤᠯᠳᠠᠯᠭ᠎ᠠ ᠲᠠᠢ ᠠᠵᠢᠯ ᠢ ᠥᠷᠭᠦᠯᠵᠢᠯᠠᠨ ᠴᠢᠩᠭ᠎ᠠ ᠠᠳᠬᠤᠵᠤ ᠨᠠᠶᠢᠭᠡᠮ ᠤᠨ ᠶᠡᠭᠡ ᠪᠠᠶᠢᠳᠠᠯ ᠤᠨ ᠲᠤᠭᠳᠠᠭᠤᠨ ᠢ ᠬᠠᠮᠠᠭᠠᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号