| | | | | 12 ᠰᠠᠷ᠎ᠠ ᠶᠢᠨ 19 ᠤ ᠡᠳᠦᠷ ᠠᠴᠠ 20 ᠤ ᠡᠳᠦᠷ᠂ ᠦᠪᠦᠷ ᠮᠤᠩᠭᠤᠯ ᠤᠨ ᠦᠤᠰᠢᠨ | ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠳᠠᠳ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ | ᠬᠢᠵᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠣᠣ ᠹᠧᠢ ᠯᠤ᠋᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠭᠡᠳᠤᠮᠡᠯ ᠹᠷᠤᠨᠲ ᠤᠨ ᠬᠡᠯᠳᠡᠰ ᠤᠨ ᠲᠠᠷᠤᠭ᠎ᠠ | ᠠᠯᠳᠠᠠᠲᠤᠶᠠᠭ᠎ᠠ᠂ ᠬᠤᠰᠢᠭᠤ ᠤᠳᠤᠷᠢᠳᠤᠯᠭ᠎ᠠ ᠾᠧ ᠤᠯᠠᠭᠠᠨ᠂ ᠪᠠᠶᠠᠠᠴᠢᠮᠡᠭ ᠵᠢᠴᠢ ᠡᠯ᠎ᠡ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠪᠠᠷᠠᠳᠠᠨ ᠪᠠᠶᠢᠴᠠᠭᠠᠨ ᠰᠤᠳᠤᠯᠤᠯᠳᠠ ᠬᠢᠪᠡ᠃ | ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ ᠮᠠᠨ ᠤ ᠬᠤᠰᠢᠭᠤᠨ ᠤ | ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ᠂ ᠾᠧᠩ ᠱᠧᠩ ᠤᠷᠴᠢᠨ ᠲᠤᠭᠤᠷᠢᠨ ᠢ | ᠬᠠᠮᠠᠭᠠᠯᠠᠬᠤ ᠰᠢᠨᠵᠢᠯᠡᠬᠦ ᠤᠬᠠᠭᠠᠨ ᠮᠡᠷᠬᠡᠵᠢᠯ ᠤᠨ ᠢᠨᠵᠧᠨᠧᠷᠢᠩ ᠤᠨ ᠬᠢᠵᠠᠭᠠᠷᠲᠤ ᠺᠤᠮᠫᠠᠨᠢ᠂ ᠮᠤᠩᠭᠤᠯ ᠡᠮᠨᠡᠯᠭᠡ ᠶᠢᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠤᠢ ᠹᠧᠩ ᠯᠢᠦᠢ ᠶᠤᠸᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠬᠦᠷ ᠵᠡᠷᠭᠡ ᠭᠠᠵᠠᠷ ᠤᠳ ᠢᠶᠠᠷ ᠬᠦᠷᠴᠦ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠭᠰᠠᠨ ᠠᠴᠠ ᠨᠠᠰᠢᠬᠢ | ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠬᠦᠯᠦᠭᠰᠡᠨ ᠢᠳᠡᠪᠬᠢᠲᠡᠢ ᠦᠢᠯᠡᠳᠦᠯ | ᠪᠤᠯᠤᠨ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯ ᠢ ᠥᠷᠨᠢᠬᠦᠯᠦᠭᠰᠡᠨ ᠪᠠᠶᠢᠳᠠᠯ ᠢ ᠨᠠᠷᠢᠨ ᠤᠶᠢᠯᠠᠭᠠᠪᠠ᠃ | ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠰᠠᠭᠤᠳᠠᠯ ᠤᠨ ᠬᠤᠷᠠᠯ | ᠬᠤᠷᠠᠯᠳᠤᠭᠤᠯᠪᠠ᠃ | ᠬᠤᠷᠠᠯ ᠳᠡᠭᠡᠷ᠎ᠡ ᠠᠯᠳᠠᠠᠲᠤᠶᠠᠭ᠎ᠠ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠪᠠᠶᠢᠳᠠᠯ ᠵᠢᠴᠢ ᠲᠤᠯᠭᠠᠷᠠᠵᠤ ᠪᠠᠶᠢᠭ᠎ᠠ ᠠᠵᠠ ᠲᠤᠬᠢᠶᠠᠯ ᠪᠠ ᠦᠷᠢᠰᠦᠯᠳᠦᠬᠡᠨ ᠤ ᠲᠤᠬᠠᠢ ᠲᠠᠨᠢᠯᠴᠠᠭᠤᠯᠪᠠ᠃ ᠦᠪᠦᠷ | ᠮᠤᠩᠭᠤᠯ ᠤᠨ ᠦᠤᠰᠢᠨ ᠬᠤᠳᠠᠯᠳᠤᠭᠠᠴᠢᠳ ᠤᠨ ᠡᠪᠯᠡᠯ ᠤᠨ ᠲᠠᠷᠤᠭ᠎ᠠ ᠵᠣᠣ ᠸᠠᠨ ᠱᠧᠩ᠂ ᠦᠪᠦᠷ ᠮᠤᠩᠭᠤᠯ ᠤᠨ | ᠦᠤᠰᠢᠨ ᠬᠤᠳᠠᠯᠳᠤᠭᠠᠴᠢᠳ ᠤᠨ ᠡᠪᠯᠡᠯ ᠤᠨ ᠠᠵᠢᠯ ᠤᠨ ᠪᠠᠶᠢᠳᠠᠯ᠂ ᠬᠤᠭᠤᠴᠠᠭ᠎ᠠ ᠰᠤᠯᠢᠬᠤ ᠪᠡᠯᠡᠳᠭᠡᠯ ᠠᠵᠢᠯ | ᠵᠡᠷᠭᠡ ᠪᠠᠶᠢᠳᠠᠯ ᠢ ᠲᠠᠨᠢᠯᠴᠠᠭᠤᠯᠪᠠ᠃ ᠬᠤᠰᠢᠭᠤ ᠠᠵᠤ ᠠᠬᠤᠢ ᠠᠷᠠᠯᠵᠢᠶᠠᠨ ᠤ ᠶᠠᠪᠤᠳᠠᠯ ᠬᠢᠬᠡᠳ ᠴᠢᠮᠡᠭᠡ | ᠵᠠᠩᠬᠢᠴᠢᠯᠠᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ ᠪᠦᠬᠦ ᠬᠤᠰᠢᠭᠤᠨ ᠤ 2019 ᠤᠨ ᠤ | ᠭᠤᠤᠯᠳᠠᠯᠭ᠎ᠠ ᠲᠠᠢ ᠠᠷᠠᠯᠵᠢᠶᠠᠴᠢᠨ ᠤᠷᠢᠬᠤ ᠲᠦᠷᠦᠯ ᠵᠦᠢᠯ ᠢ ᠲᠠᠨᠢᠯᠴᠠᠭᠤᠯᠪᠠ᠃ ᠵᠣᠣ ᠹᠧᠢ ᠯᠤ᠋ ᠦᠪᠦᠷ ᠮᠤᠩᠭᠤᠯ | ᠤᠨ ᠦᠤᠰᠢᠨ ᠬᠤᠳᠠᠯᠳᠤᠭᠠᠴᠢᠳ ᠤᠨ ᠡᠪᠯᠡᠯ᠂ ᠠᠵᠤ ᠠᠬᠤᠶᠢᠯᠠᠯᠲᠠᠨ ᠤ ᠪᠦᠬᠦ ᠬᠤᠰᠢᠭᠤᠨ ᠤ ᠰᠤᠷᠭᠠᠨ ᠬᠦᠮᠦᠵᠢᠯ | ᠡᠮ ᠡᠮᠨᠡᠯᠬᠡ ᠵᠡᠷᠭᠡ ᠤᠯᠠᠨ ᠲᠠᠯ᠎ᠠ ᠳᠤ ᠦᠵᠡᠬᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ | ᠲᠡᠪᠰᠢᠬᠦᠯᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠰᠠᠨᠠᠯ ᠰᠠᠨᠠᠭᠤᠯᠭ᠎ᠠ ᠲᠤᠷᠠᠳᠴᠠᠢ᠃ | ᠵᠣᠣ ᠹᠧᠢ ᠯᠤ᠋ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠶᠡᠷᠦᠩᠬᠡᠢ ᠱᠦᠵᠢ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠭᠦᠭᠵᠢᠯᠳᠡ ᠶᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠵᠤ ᠪᠦᠬᠦ | ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠤᠨ ᠠᠷᠠᠳ | ᠠᠴᠠ ᠡᠵᠡᠩᠨᠡᠭᠰᠡᠨ ᠠᠵᠤ ᠠᠬᠤᠢ ᠶᠢᠨ ᠲᠡᠤᠬᠡᠴᠢ ᠬᠤᠪᠢ ᠨᠡᠮᠡᠷᠢ ᠶᠢ ᠭᠥᠢᠴᠡᠳ ᠨᠤᠳᠠᠯᠠᠵᠤ ᠠᠵᠤ ᠠᠬᠤᠶᠢᠯᠠᠯᠳᠠᠳ | ᠤᠨ ᠢᠳᠡᠭᠡᠯ ᠵᠤᠷᠢᠭ ᠢᠶᠠᠨ ᠬᠦᠪᠴᠢᠯᠠᠨ ᠰᠢᠨ᠎ᠡ ᠶᠢ ᠡᠬᠦᠳᠴᠤ ᠰᠠᠨᠠᠭ᠎ᠠ ᠠᠮᠤᠷ ᠠᠵᠢᠯᠯᠠᠬᠤ ᠶᠢ ᠵᠤᠷᠢᠵᠢᠭᠤᠯᠤᠭᠰᠠᠨ | ᠪᠠᠶᠢᠨ᠎ᠠ ᠭᠡᠵᠡᠢ᠃ ᠵᠣᠣ ᠹᠧᠢ ᠯᠤ᠋᠂ ᠬᠤᠳᠠᠯᠳᠤᠭᠠᠴᠢᠳ ᠤᠨ ᠡᠪᠯᠡᠯ ᠤᠨ ᠦᠪᠡᠷ ᠤᠨ ᠲᠠᠪᠠᠭᠤᠯᠢᠭ ᠢᠶᠠᠨ ᠠᠰᠢᠭᠯᠠᠨ | ᠦᠷᠬᠦᠯᠵᠢᠯᠡᠨ ᠦᠤᠰᠢᠨ ᠢ ᠤᠬᠠᠭᠤᠯᠵᠤ᠂ ᠦᠤᠰᠢᠨ ᠢ ᠲᠠᠨᠢᠯᠴᠠᠭᠤᠯᠵᠤ᠂ ᠦᠤᠰᠢᠨ ᠤ ᠨᠠᠷᠠ ᠠᠯᠳᠠᠷᠰᠢᠯ ᠢ ᠰᠢᠨ᠎ᠡ | ᠳᠡᠭᠳᠡᠷ ᠲᠤ ᠭᠥᠷᠭᠡᠵᠤ ︽ᠲᠤᠰᠬᠠᠢ ᠮᠡᠷᠭᠡᠵᠢᠯᠲᠡᠨ ᠤ ᠡᠮᠴᠢᠯᠡᠭᠡ︾᠂ ︽ᠰᠤᠷᠤᠯᠭ᠎ᠠ ᠶᠢ ᠳᠡᠳᠬᠦᠬᠦ︾ ᠵᠡᠷᠭᠡ | ᠠᠵᠢᠯᠯᠠᠭ᠎ᠠ ᠶᠢ ᠦᠷᠬᠦᠯᠵᠢᠯᠡᠨ ᠰᠠᠶᠢᠳᠤᠷ ᠬᠢᠵᠦ ᠤᠷᠳᠤ ᠬᠤᠭᠤᠴᠠᠭ᠎ᠠ ᠪᠠᠷ ᠨᠡᠶᠢᠳᠡ ᠶᠢᠨ ᠠᠰᠠᠷᠠᠮᠵᠢ ᠶᠢᠨ ᠦᠢᠯᠡᠰ | ᠲᠤ ᠰᠢᠨ᠎ᠡ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠬᠡᠵᠠᠢ᠃ | ᠵᠣᠣ ᠹᠧᠢ ᠯᠤ᠋ ᠬᠠᠮᠤᠭ ᠰᠡᠬᠦᠯ ᠳᠤ ᠢᠯᠡᠷᠬᠡᠶᠢᠯᠡᠬᠦ ᠳᠤ ᠪᠠᠨ᠂ ᠨᠤᠳᠤᠭ ᠠᠴᠠ ᠪᠠᠨ ᠭᠠᠷᠤᠭᠰᠠᠨ ᠠᠵᠤ | ᠠᠬᠤᠶᠢᠯᠠᠯᠲᠠᠨ ᠦᠷᠬᠦᠯᠵᠢ ᠨᠤᠳᠤᠭ ᠲᠤ ᠪᠠᠨ ᠬᠠᠷᠢᠵᠤ ᠢᠷᠡᠨ ᠰᠢᠨᠵᠢᠯᠡᠨ ᠪᠠᠶᠢᠴᠠᠭᠠᠯᠳᠠ ᠬᠢᠵᠦ ᠨᠤᠳᠤᠭ ᠤᠷᠤᠨ ᠤ | ᠬᠦᠭᠵᠢᠯᠳᠡ ᠬᠤᠪᠢᠷᠠᠯᠳᠠ ᠶᠢ ᠬᠠᠯᠠᠮᠵᠢᠯᠠᠨ ᠵᠤᠬᠢᠰᠳᠠᠢ ᠰᠠᠨᠠᠯ ᠲᠤᠷᠠᠳᠴᠤ ᠬᠠᠮᠲᠤ ᠪᠠᠷ ᠢᠶᠠᠨ ᠦᠤᠰᠢᠨ ᠤ ᠠᠵᠤ | ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢ ᠰᠢᠨ᠎ᠡ ᠬᠦᠭᠵᠢᠯᠳᠡ ᠶᠢᠨ ᠱᠠᠳᠤᠨ ᠳᠤ ᠭᠥᠷᠭᠡᠬᠦ ᠶᠢ | ᠬᠦᠰᠡᠵᠦ ᠪᠠᠶᠢᠨ᠎ᠠ ᠬᠡᠵᠡᠢ᠃ |