ᠮᠠᠨ ᠤ ᠬᠤᠰᠢᠭᠤ ᠡᠷᠡᠬᠦᠯ ᠴᠢᠬᠢᠷᠠᠭ ᠤᠷᠳᠤᠰ ᠢ ᠪᠦᠲᠦᠬᠡᠨ ᠪᠠᠶᠢᠭᠤᠯᠬᠤ ᠲᠦᠰᠦᠯ ᠤᠨ ᠵᠤᠷᠢᠭ ᠰᠠᠨᠠᠭ᠎ᠠ | ᠶᠢ ᠲᠤᠭᠤᠰᠢᠯᠠᠭᠤᠯᠵᠤ᠂ ᠡᠷᠡᠬᠦᠯ ᠴᠢᠬᠢᠷᠠᠭ ᠦᠤᠰᠢᠨ ᠤ ᠪᠦᠲᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠪᠠᠷ | ᠡᠯ᠎ᠡ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ ᠢᠶᠠᠨ ᠵᠤᠬᠢᠶᠠᠨ ᠪᠠᠶᠢᠭᠤᠯᠵᠤ ᠠᠵᠢᠯ ᠤᠨ ᠵᠠᠪᠰᠠᠷᠯᠠᠭ᠎ᠠ ᠶᠢᠨ ᠲᠠᠮᠢᠷ | ᠬᠢᠵᠦ ᠺᠠᠳ᠋ᠷ ᠠᠵᠢᠯᠳᠠᠨ ᠤ ᠬᠠᠯᠠᠭᠤᠨ ᠬᠦᠷᠢᠶᠠᠯᠠᠯ ᠢ ᠤᠯᠵᠤ ᠪᠤᠢ᠃ | ᠭᠠᠷᠠᠭ ᠤᠨ ᠨᠢᠬᠡᠨ ᠠᠴᠠ ᠭᠠᠷᠠᠭ ᠤᠨ ᠲᠠᠪᠤᠨ ᠤ ᠦᠷᠯᠦᠬᠡ ᠪᠦᠷᠢ ᠶᠢᠨ ᠠᠷᠪᠠᠨ ᠴᠠᠭ ᠲᠤ ᠮᠠᠨ ᠤ | ᠬᠤᠰᠢᠭᠤᠨ ᠤ ᠡᠯ᠎ᠡ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ ᠨᠢᠳᠤᠷᠭᠠᠨ ᠡᠷᠳᠡᠮ ᠪᠤᠯᠪᠠᠰᠤᠷᠠᠵᠤ᠂ ᠤᠷᠳᠤ | ᠬᠤᠭᠤᠴᠠᠭ᠎ᠠ ᠪᠠᠷ ᠠᠵᠢᠯ ᠤᠨ ᠵᠠᠪᠰᠠᠷᠯᠠᠭ᠎ᠠ ᠶᠢᠨ ᠲᠠᠮᠢᠷ ᠬᠢᠬᠦ ᠨᠢ ᠪᠡᠶ᠎ᠡ ᠮᠠᠬᠠᠪᠤᠳ ᠢ ᠴᠢᠬᠢᠷᠠᠭᠵᠢᠭᠤᠯᠬᠤ ᠮᠦᠷᠳᠡᠭᠡᠨ | ᠬᠦᠮᠦᠰ ᠤᠨ ᠬᠤᠭᠤᠷᠤᠨᠳᠤᠬᠢ ᠡᠶᠡᠯᠰᠡᠭ ᠬᠠᠷᠢᠴᠠᠭ᠎ᠠ ᠶᠢ ᠪᠤᠢ ᠪᠤᠯᠭᠠᠵᠤ᠂ ᠨᠡᠶᠢᠳᠡᠴᠢ ᠢᠷᠠᠭᠤ ᠠᠯᠳᠠᠷᠲᠤ | ᠰᠡᠳᠬᠢᠯᠬᠡ ᠶᠢ ᠴᠤᠭᠴᠠᠯᠠᠵᠤ ᠴᠢᠳᠠᠳᠠᠭ ᠪᠠᠶᠢᠨ᠎ᠠ᠃ ᠮᠠᠨ ᠤ ᠬᠤᠰᠢᠭᠤ ︽ᠡᠳᠦᠷ ᠪᠦᠷᠢ ᠨᠢᠬᠡ ᠴᠠᠭ ᠪᠤᠯᠪᠠᠰᠤᠷᠠᠵᠤ᠂ | ᠪᠦᠬᠦᠯᠢ ᠡᠳᠦᠷ ᠡᠷᠡᠬᠦᠯ ᠢᠶᠠᠷ ᠠᠵᠢᠯᠯᠠᠵᠤ᠂ ᠵᠤᠯ ᠵᠢᠷᠭᠠᠯᠳᠤ ᠨᠢᠬᠡ ᠨᠠᠰᠤ ᠶᠢ ᠦᠩᠬᠡᠷᠡᠬᠦᠯᠬᠦ︾ ᠤᠨᠤᠯᠵᠢᠭᠤᠨ ᠢᠶᠠᠷ | ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠬᠦ ᠲᠤᠮᠳᠠ ᠺᠠᠳ᠋ᠷ ᠠᠵᠢᠯᠳᠠᠳ | ᠢᠶᠠᠨ ᠵᠤᠬᠢᠶᠠᠨ ᠪᠠᠶᠢᠭᠤᠯᠵᠤ ᠠᠵᠢᠯ ᠤᠨ ᠵᠠᠪᠰᠠᠷᠯᠠᠭ᠎ᠠ ᠶᠢᠨ ᠲᠠᠮᠢᠷ ᠬᠢᠬᠦ ᠶᠢ ᠴᠢᠬᠤᠯᠠᠴᠢᠯᠠᠨ ᠠᠳᠬᠤᠭᠰᠠᠨ ᠨᠢ | ᠤᠯᠠᠨ ᠤ ᠬᠦᠷᠢᠶᠠᠯᠠᠯ ᠢ ᠤᠯᠵᠠᠢ᠃ | ᠮᠠᠨ ᠤ ᠬᠤᠰᠢᠭᠤ ᠡᠨᠡᠬᠦ ᠠᠵᠢᠯᠯᠠᠭ᠎ᠠ ᠶᠢ ᠤᠷᠳᠤ ᠬᠤᠭᠤᠴᠠᠭ᠎ᠠ ᠪᠠᠷ ᠪᠠᠷᠢᠮᠳᠠᠯᠠᠵᠤ᠂ ᠪᠦᠬᠦ ᠤᠯᠤᠰ ᠤᠨ | ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠲᠠᠢ ᠵᠤᠬᠢᠴᠠᠭᠤᠯᠬᠤ ᠶᠢᠨ | ᠬᠠᠮᠳᠤ ᠪᠦᠬᠦ ᠬᠤᠰᠢᠭᠤᠨ ᠤ ᠪᠠᠨ ᠺᠠᠳ᠋ᠷ ᠠᠵᠢᠯᠳᠠᠨ ᠤ ᠪᠠᠶ᠎ᠡ ᠰᠡᠳᠬᠢᠯ ᠤᠨ ᠡᠷᠡᠬᠦᠯ ᠮᠠᠨᠳᠤ ᠶᠢ ᠠᠬᠢᠭᠤᠯᠬᠤ ᠪᠠᠷ | ᠴᠢᠷᠮᠠᠶᠢᠵᠤ ᠪᠤᠢ᠃ |