ᠦᠭᠡᠷᠡᠴᠢᠯᠡᠯᠲᠡ ᠨᠡᠭᠡᠭᠡᠯᠲᠡ ᠶᠢᠨ ᠲᠦᠴᠢᠨ ᠵᠢᠯ ᠳᠤ ᠮᠠᠨ ᠤ ᠬᠤᠰᠢᠭᠤᠨ ᠤ ᠵᠠᠮ ᠬᠠᠷᠢᠯᠴᠠᠭ᠎ᠠ ᠯᠣᠳᠣ ᠶᠡᠭᠡ ᠬᠤᠪᠢᠷᠠᠯᠲᠠ ᠭᠠᠷᠪᠠ
ᠨᠡᠶᠢᠲᠡᠯᠡᠭᠰᠡᠨ ᠴᠠᠭ᠄
2018-12-25
     ᠦᠭᠡᠷᠡᠴᠢᠯᠡᠯᠲᠡ ᠨᠡᠭᠡᠭᠡᠯᠲᠡ ᠶᠢᠨ ᠲᠦᠴᠢᠨ ᠵᠢᠯ ᠤᠨ ᠲᠤᠷᠰᠢ ᠮᠠᠨ ᠤ ᠬᠤᠰᠢᠭᠤ ᠤᠯᠤᠰ᠂ ᠦᠪᠡᠷᠳᠡᠭᠡᠨ ᠵᠠᠰᠠᠬᠤ ᠤᠷᠤᠨ ᠂ ᠬᠤᠰᠢᠭᠤ᠂ ᠰᠤᠮᠤ ᠪᠠᠯᠭᠠᠰᠣ ᠪᠣᠯᠣᠨ ᠭᠠᠴᠠᠭ᠎ᠠ ᠳᠣᠰᠬᠤᠨ ᠵᠡᠷᠭᠡ ᠭᠡᠳᠣᠨ ᠱᠠᠲᠤᠨ ᠤ ᠵᠠᠰᠠᠮᠠᠯ ᠵᠠᠮ ᠢ ᠨᠡᠪᠳᠡᠷᠡᠬᠦᠯᠦᠨ ᠪᠦᠷᠢᠨ ᠳᠡᠭᠦᠯᠳᠡᠷ ᠵᠠᠮ ᠬᠠᠷᠢᠯᠴᠠᠭᠠᠨ ᠤ ᠳᠣᠣᠷᠵᠢᠯ ᠢ ᠪᠦᠷᠢᠯᠳᠦᠭᠦᠯᠵᠦ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ᠂ ᠠᠵᠤ ᠠᠬᠤᠢ᠂ ᠨᠡᠶᠢᠬᠡᠮ ᠤᠨ ᠬᠦᠭᠵᠢᠯᠲᠡ ᠶᠢ ᠳᠦᠯᠬᠢᠨ ᠠᠬᠢᠭᠤᠯᠤᠭᠰᠠᠨ ᠪᠠᠶᠢᠨ᠎ᠠ᠃      ᠬᠠᠭᠠᠰ ᠡᠳᠦᠷ ᠤᠨ ᠵᠠᠮ ᠢ ᠬᠠᠭᠠᠰᠬᠠᠨ ᠴᠠᠭ ᠪᠤᠯᠭᠠᠨ ᠪᠤᠭᠤᠨᠢᠰᠬᠠᠵᠤ ᠴᠢᠳᠠᠭᠰᠠᠨ ᠨᠢ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠤᠶᠢᠯᠡᠰ ᠤᠨ ᠦᠭᠡᠷᠡᠴᠢᠯᠡᠯᠳᠡ ᠨᠡᠭᠡᠭᠡᠯᠳᠡ ᠠᠴᠠ ᠨᠠᠰᠢᠬᠢ ᠤᠯᠤᠭᠰᠠᠨ ᠠᠮᠵᠢᠯᠳᠠ ᠶᠢᠨ ᠴᠤᠮᠬᠠᠳᠬᠠᠯ ᠪᠤᠯᠬᠤ ᠶᠤᠮ᠃ ᠦᠭᠡᠷᠡᠴᠢᠯᠡᠯᠳᠡ ᠨᠡᠭᠡᠭᠡᠯᠳᠡ ᠠᠴᠠ ᠨᠠᠰᠢ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠤᠶᠢᠯᠡᠰ ᠰᠦᠪᠡᠭᠴᠢᠯᠡᠯᠳᠡ ᠶᠢᠨ ᠳᠤᠮᠳᠠ ᠳᠠᠰᠤᠷᠠᠯᠳᠠ ᠦᠭᠡᠢ ᠬᠥᠭᠵᠢᠵᠦ ᠭᠠᠴᠠᠭ᠎ᠠ ᠳᠤᠰᠬᠤᠨ ᠪᠤᠯᠭᠠᠨ ᠳᠤ ᠵᠠᠰᠠᠮᠠᠯ ᠵᠠᠮ᠂ ᠬᠠᠳᠠ ᠰᠢᠪᠠᠷ ᠲᠡᠪᠢᠰᠦᠭᠰᠡᠨ ᠵᠠᠮ ᠨᠡᠪᠳᠡᠷᠡᠭᠰᠡᠨ ᠨᠢ ᠦᠷᠭᠡᠨ ᠤᠯᠠᠨ ᠮᠠᠯᠴᠢᠨ ᠲᠠᠷᠢᠶᠠᠴᠢᠨ ᠤ ᠭᠠᠳᠠᠭᠰᠢ ᠳᠤᠳᠤᠭᠰᠢ ᠶᠠᠪᠤᠬᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠢᠶᠠᠨ ᠪᠤᠷᠤᠯᠠᠭᠤᠯᠬᠤ ᠵᠡᠷᠭᠡ ᠤᠯᠠᠨ ᠲᠠᠯ᠎ᠠ ᠶᠢᠨ ᠠᠵᠢᠯ ᠳᠤ ᠮᠠᠰᠢ ᠳᠦᠬᠦᠮ ᠨᠦᠬᠦᠴᠡᠯ ᠬᠠᠩᠭᠠᠭᠰᠠᠨ ᠪᠠᠶᠢᠨ᠎ᠠ᠃      ᠮᠠᠨ ᠤ ᠬᠤᠰᠢᠭᠤ ᠮᠠᠯ ᠲᠠᠷᠢᠶᠠᠯᠠᠩ ᠤᠨ ᠠᠵᠤ ᠤᠶᠢᠯᠡᠰᠵᠢᠯᠳᠠ᠂ ᠠᠵᠤ ᠤᠶᠢᠯᠡᠳᠪᠤᠷᠢ ᠶᠢᠨ ᠲᠡᠰ ᠳᠡᠪᠰᠢᠯᠳᠡ᠂ ᠰᠤᠶᠤᠯ ᠵᠢᠭᠤᠯᠴᠢᠯᠠᠯ ᠤᠨ ᠤᠶᠢᠯᠡᠰ ᠢ ᠭᠦᠭᠵᠢᠬᠦᠯᠬᠦ ᠳᠤ ᠪᠠᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢ ᠴᠢᠬᠤᠯᠠᠴᠢᠯᠠᠨ ᠠᠳᠬᠤᠵᠤ ︽ᠵᠠᠰᠠᠬᠤ ᠪᠠᠷ ᠤᠷᠢᠳᠠᠯ ᠪᠤᠯᠭᠠᠵᠤ᠂ ᠨᠡᠪᠲᠡᠷᠡᠬᠦᠯᠬᠦ ᠪᠠᠷ ᠭᠤᠤᠯ ᠪᠤᠯᠭᠠᠬᠤ︾ ᠵᠠᠷᠴᠢᠮ ᠢ ᠪᠠᠷᠢᠮᠳᠠᠯᠠᠨ ᠬᠤᠰᠢᠭᠤᠨ ᠤ ᠲᠥᠪ ᠭᠠᠯᠠᠭᠤᠲᠤ ᠪᠠᠯᠭᠠᠰᠤ ᠪᠠᠷ ᠭᠤᠤᠯ ᠴᠡᠭ ᠪᠤᠯᠭᠠᠵᠤ ᠮᠠᠨ  ᠤ ᠬᠤᠰᠢᠭᠤᠨ ᠤ ᠵᠢᠷᠭᠤᠭᠠᠨ ᠰᠤᠮᠤ ᠪᠠᠯᠭᠠᠰᠤ᠂ ᠠᠵᠤ ᠤᠶᠢᠯᠡᠳᠪᠤᠷᠢ ᠶᠢᠨ ᠬᠦᠷᠢᠶᠡᠯᠡᠩ ᠳᠤᠭᠤᠷᠢᠭ ᠬᠦᠷᠳᠡᠯ᠎ᠡ ᠬᠠᠭᠠᠰ ᠴᠠᠭ ᠳᠤᠳᠤᠷ᠎ᠠ ᠬᠦᠷᠴᠦ ᠳᠡᠶᠢᠯᠬᠦ ᠬᠠᠷᠠᠯᠲᠠ ᠶᠢ ᠪᠡᠶᠡᠯᠡᠬᠦᠯᠵᠡᠢ᠃ ᠤᠷᠴᠢᠮ ᠤᠨ ᠠᠷᠪᠠᠭᠠᠳ ᠵᠢᠯ ᠳᠤ 130 ᠭᠠᠷᠤᠢ ᠳ᠋ᠦᠩᠰᠢᠭᠤᠷ ᠳᠦᠭᠦᠷᠢᠭ ᠤᠨ ᠪᠡᠯᠡ ᠮᠥᠩᠭᠦ ᠵᠠᠷᠤᠴᠠᠭᠤᠯᠵᠤ ᠤᠯᠤᠰ᠂ ᠦᠪᠡᠷᠳᠡᠭᠡᠨ ᠵᠠᠰᠠᠬᠤ ᠤᠷᠤᠨ ᠂ ᠬᠤᠰᠢᠭᠤ᠂ ᠰᠤᠮᠤ ᠪᠠᠯᠭᠠᠰᠣ ᠪᠣᠯᠣᠨ ᠭᠠᠴᠠᠭ᠎ᠠ ᠳᠣᠰᠬᠤᠨ ᠵᠡᠷᠭᠡ ᠭᠡᠳᠣᠨ ᠲᠡᠰ ᠤᠨ ᠵᠠᠰᠠᠮᠠᠯ ᠵᠠᠮ ᠢ ᠨᠡᠪᠳᠡᠷᠡᠬᠦᠯᠦᠨ ᠪᠦᠷᠢᠨ ᠳᠡᠭᠦᠯᠳᠡᠷ ᠵᠠᠮ ᠬᠠᠷᠢᠯᠴᠠᠭᠠᠨ ᠤ ᠳᠣᠣᠷᠵᠢᠯ ᠢ ᠪᠦᠷᠢᠯᠳᠤᠬᠦᠯᠦᠭᠰᠡᠨ ᠪᠠᠶᠢᠨ᠎ᠠ᠃      ᠤᠶᠢᠯᠠᠭᠠᠭᠰᠠᠨ ᠢᠶᠠᠷ ᠣᠳᠣᠬᠠᠨ ᠳᠤ ᠮᠠᠨ ᠤ ᠬᠤᠰᠢᠭᠤᠨ ᠤ ᠦᠨᠳᠤᠷ ᠬᠤᠷᠳᠤᠴᠠᠳᠤ ᠵᠠᠰᠠᠮᠠᠯ ᠵᠠᠮ ᠤᠨ ᠪᠦᠬᠦ ᠣᠷᠲᠤ ᠨᠢ ᠨᠢᠭᠡᠨᠳᠡ 470 ᠺᠢᠯᠤᠮᠧᠲᠷ᠂ ᠳᠤᠰᠤᠨ ᠵᠠᠮ ᠱᠦᠢᠨᠢ ᠵᠠᠮ ᠤᠨ ᠪᠦᠬᠦ ᠤᠷᠲᠤ ᠨᠢ 3857 ᠺᠢᠯᠤᠮᠧᠲᠷ ᠲᠤ ᠬᠦᠷᠴᠤ᠂ ᠳᠤᠮᠳᠠᠴᠢ ᠪᠠᠷ 100 ᠲᠡᠭᠰᠢ ᠳᠦᠷᠪᠡᠯᠵᠢᠨ ᠺᠢᠯᠤᠮᠧᠲᠷ ᠭᠠᠵᠠᠷ ᠲᠤ 33.1 ᠺᠢᠯᠤᠮᠧᠲᠷ ᠤᠨ ᠨᠢᠭᠳᠠᠴᠠ ᠳᠤ ᠬᠦᠷᠴᠡᠢ᠃      ᠮᠠᠨ ᠤ ᠬᠤᠰᠢᠭᠤ ᠳᠠᠷᠠᠭᠠᠴᠢ ᠶᠢᠨ ᠠᠯᠬᠤᠮ ᠳᠤ ᠤᠯᠤᠰ ᠤᠨ ᠲᠡᠰ ᠤᠨ ᠵᠠᠰᠠᠮᠠᠯ ᠵᠠᠮ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ ᠪᠦᠳᠦᠭᠡᠨ ᠪᠠᠶᠢᠭᠤᠯᠬᠤ ᠬᠤᠶᠠᠷ ᠶᠡᠭᠡ ᠭᠤᠤᠯᠳᠠᠯᠭᠠᠳᠤ ᠠᠵᠢᠯ ᠢ ᠴᠢᠬᠤᠯᠠᠴᠢᠯᠠᠨ ᠠᠳᠬᠤᠵᠦ ᠮᠠᠨ ᠤ ᠬᠤᠰᠢᠭᠤ ᠲᠠᠢ ᠬᠦᠷᠰᠢᠯᠡᠵᠤ ᠪᠠᠶᠢᠭ᠎ᠠ ᠳᠤᠯᠤᠭᠠᠨ ᠬᠤᠰᠢᠭᠤ ᠳᠣᠭᠤᠷᠢᠭ ᠲᠤ ᠨᠢᠭᠡ ᠴᠠᠭ ᠤᠨ ᠳᠤᠳᠤᠷ᠎ᠠ ᠬᠦᠷᠬᠦ ᠵᠠᠮ ᠬᠠᠷᠢᠯᠴᠠᠭᠠᠨ ᠤ ᠳᠤᠭᠤᠷᠢᠭ ᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号