12 ᠰᠠᠷ᠎ᠠ ᠶᠢᠨ 21 ᠤ ᠡᠳᠦᠷ᠂ ᠬᠤᠰᠢᠭᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ︽ | ᠢᠨᠢᠶᠡᠳᠦ ᠪᠢᠯᠬᠠᠮ᠎ᠠ ᠬᠡᠥᠬᠡᠳ ᠨᠠᠰᠤ︾ ᠰᠡᠲᠤᠪᠲᠤ ᠬᠡᠥᠬᠡᠳ ᠤᠨ ᠵᠦᠴᠦᠭᠡ ᠶᠢᠨ ᠤᠷᠤᠯᠳᠤᠭᠠᠨ ᠠᠮᠵᠢᠯᠲᠠᠲᠠᠢ | ᠶᠠᠪᠤᠭᠳᠠᠭᠰᠠᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠳᠤ ᠬᠤᠰᠢᠭᠤ ᠮᠤᠩᠭᠤᠯ ᠦᠨᠳᠦᠰᠦᠲᠡᠨ ᠤ ᠬᠡᠥᠬᠡᠳ | ᠤᠨ ᠴᠡᠴᠡᠷᠯᠢᠭ ᠤᠨ ᠪᠠᠭ᠎ᠠ ᠤᠨ ᠤ ᠲᠤᠭᠤᠶᠢᠯᠠᠩ᠂ ᠲᠤᠮᠳᠠ ᠤᠨ ᠤ ᠲᠤᠭᠤᠶᠢᠯᠠᠩ᠂ ᠶᠡᠭᠡ ᠤᠨ ᠤ ᠲᠤᠭᠤᠶᠢᠯᠠᠩ | ᠵᠡᠷᠭᠡ 23 ᠠᠩᠭᠢ ᠨᠢᠭᠡᠴᠢ ᠶᠢᠨ 836 ᠬᠡᠥᠬᠡᠳ ᠵᠥᠴᠥᠭᠡ ᠲᠤᠭᠯᠠᠵᠤ ᠲᠠᠶᠠᠭᠠᠷ ᠢ ᠪᠠᠶᠠᠰᠬᠠᠯ᠎ᠠ᠃ | ᠤᠷᠤᠯᠳᠤᠭᠠᠨ ᠨᠢ ︽ᠤᠷᠳᠤᠰ ᠬᠤᠷᠢᠮ︾᠂ ︽ᠠᠯᠤᠩᠭᠤᠸ᠎ᠠ ᠡᠬᠡ ᠲᠠᠪᠤᠨ ᠮᠦᠰᠦ ᠪᠠᠷ ᠬᠡᠥᠬᠡᠳ ᠢᠶᠠᠨ | ᠰᠤᠷᠭᠠᠭᠰᠠᠨ ᠨᠢ︾᠂ ︽ᠪᠤᠯᠪᠠᠰᠤᠨ ᠬᠤᠰᠢᠭᠤ ᠦᠥᠰᠢᠨ ᠨᠤᠲᠤᠭ ᠮᠢᠨᠢ︾ ᠵᠡᠷᠭᠡ ᠡᠯᠪᠡᠭ ᠪᠠᠶᠠᠯᠢᠭ ᠠᠭᠤᠯᠭ᠎ᠠ ᠪᠠᠷ | ᠶᠠᠪᠤᠭᠳᠠᠵᠤ ᠠᠷᠠᠳ ᠤᠨ ᠤᠯᠠᠮᠵᠢᠯᠠᠯᠲᠤ ᠰᠤᠶᠤᠯ ᠢ ᠭᠠᠶᠢᠬᠠᠭᠤᠯᠤᠨ ᠪᠦᠯᠬᠦᠮᠳᠡᠯ ᠨᠢᠭᠲᠠᠷᠠᠯ ᠢ ᠪᠠᠳᠠᠷᠠᠭᠤᠯᠵᠤ | ᠦᠥᠰᠢᠨ ᠨᠤᠲᠤᠭ ᠢᠶᠠᠨ ᠮᠠᠭᠲᠠᠨ ᠲᠠᠭᠤᠯᠠᠵᠤ ᠳᠠᠶᠠᠭᠠᠷ ᠤᠯᠠᠨ ᠤ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ |