ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ | ᠵᠤᠬᠢᠶᠠᠯᠴᠢᠳ ᠤᠨ ᠡᠪᠯᠡᠯ ᠤᠨ ᠵᠢᠷᠭᠤᠳᠤᠭᠠᠷ ᠬᠤᠭᠤᠴᠠᠭᠠᠨ ᠤ ᠲᠦᠯᠥᠭᠡᠯᠡᠭᠴᠢᠳ ᠤᠨ ᠬᠤᠷᠠᠯ ᠬᠤᠰᠢᠭᠤ | ᠰᠤᠶᠤᠯ ᠤᠨ ᠪᠦᠳᠤᠭᠡᠯᠳᠡ ᠠᠵᠤ ᠤᠶᠢᠯᠡᠰ ᠤᠨ ᠬᠦᠷᠢᠶᠡᠯᠡᠩ ᠳᠤ ᠠᠮᠵᠢᠯᠳᠠᠳᠠᠢ ᠶᠠᠪᠤᠭᠳᠠᠭᠰᠠᠨ ᠪᠠᠶᠢᠨ᠎ᠠ᠃ | ᠬᠤᠰᠢᠭᠤ ᠤᠯᠤᠰ ᠲᠦᠷᠥ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠤᠳᠬ᠎ᠠ ᠤᠷᠠᠯᠢᠭ ᠤᠨ ᠬᠢᠨ ᠤ ᠬᠤᠯᠪᠤᠭᠠᠨ ᠤ | ᠲᠡᠷᠢᠭᠦᠯᠡᠭᠴᠢ ᠤᠶᠤᠨᠪᠢᠯᠢᠭ᠌ ᠵᠢᠴᠢ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠬᠠᠷᠢᠶᠠᠯᠠᠯ ᠳᠤ ᠪᠠᠶᠢᠭ᠎ᠠ ᠡᠯ᠎ᠡ | ᠡᠪᠯᠡᠯ ᠤᠨ ᠲᠦᠯᠥᠭᠡᠯᠡᠭᠴᠢᠳ ᠪᠤᠯᠤᠨ ᠵᠤᠬᠢᠶᠠᠯᠴᠢᠳ ᠬᠤᠷᠠᠯ ᠳᠤ ᠤᠷᠤᠯᠴᠠᠪᠠ᠃ ᠬᠤᠷᠠᠯ ᠲᠡᠭᠡᠷ᠎ᠡ ᠲᠠᠪᠤᠳᠤᠭᠠᠷ | ᠬᠤᠭᠤᠴᠠᠭᠠᠨ ᠤ ᠠᠵᠢᠯ ᠤᠨ ᠳ᠋ᠥᠩᠨᠡᠯᠳᠡ ᠶᠢ ᠬᠢᠭᠦ ᠶᠢᠨ ᠬᠠᠮᠳᠤ ᠵᠤᠬᠢᠶᠠᠯᠴᠢᠳ ᠤᠨ ᠡᠪᠯᠡᠯ ᠳᠤ ᠤᠨᠴᠠᠭᠠᠢ ᠬᠤᠪᠢ | ᠨᠠᠮᠠᠷᠢ ᠦᠵᠡᠭᠦᠯᠥᠭᠴᠢ ᠪᠤᠯᠤᠨ ᠡᠪᠯᠡᠯ ᠤᠨ ᠰᠢᠯᠢᠳᠡᠭ ᠵᠤᠬᠢᠶᠠᠨ ᠪᠦᠳᠤᠭᠡᠭᠴᠢᠳ ᠢ ᠱᠠᠩᠨᠠᠨ ᠬᠦᠭᠢᠭᠦᠯᠵᠦ | ᠵᠤᠬᠢᠶᠠᠯᠴᠢᠳ ᠤᠨ ᠡᠪᠯᠡᠯ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠪᠦᠷᠢᠯᠳᠤᠭᠦᠨ᠂ | ᠲᠡᠷᠢᠭᠦᠯᠡᠭᠴᠢᠳ ᠤᠨ ᠪᠦᠯᠭᠦᠮ ᠤᠨ ᠭᠡᠰᠢᠭᠦᠳ ᠢ ᠰᠤᠩᠭᠤᠨ ᠭᠠᠷᠭᠠᠪᠠ᠃ | 1986 ᠤᠨ ᠳᠤ ᠪᠠᠶᠢᠭᠤᠯᠤᠭᠳᠠᠭᠰᠠᠨ ᠵᠤᠬᠢᠶᠠᠯᠴᠢᠳ ᠤᠨ ᠡᠪᠯᠡᠯ ᠪᠤᠯ ᠮᠠᠨ ᠤ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠶᠢᠨ ᠬᠠᠷᠢᠶᠠᠳᠤ ᠡᠪᠯᠡᠯ ᠪᠠᠶᠢᠵᠤ ᠤᠳᠣ 140 ᠭᠠᠷᠤᠢ ᠭᠡᠰᠢᠭᠦᠨ ᠲᠠᠢ ᠪᠤᠯᠵᠠᠢ᠃ | ᠥᠤᠰᠢᠨ ᠬᠤᠰᠢᠭᠤᠨ ᠤ ᠵᠤᠬᠢᠶᠠᠯᠴᠢᠳ ᠤᠨ ᠡᠪᠯᠡᠯ ᠪᠠᠶᠢᠭᠤᠯᠤᠭᠳᠠᠭᠰᠠᠨ 32 ᠵᠢᠯ ᠤᠨ ᠲᠤᠷᠰᠢ ᠵᠤᠬᠢᠶᠠᠯᠴᠢᠳ | ᠤᠯᠤᠰ᠂ ᠤᠷᠤᠨ᠂ ᠬᠤᠳᠠ᠂ ᠬᠤᠰᠢᠭᠤᠨ ᠤ ᠨᠤᠮ ᠰᠡᠳᠭᠦᠯ ᠳᠤ ᠤᠯᠠᠨ ᠠᠷᠪᠢᠨ ᠪᠥᠳᠤᠭᠡᠯ ᠲᠤᠭᠤᠷᠪᠢᠭᠰᠠᠨ ᠢᠶᠠᠷ | ᠪᠠᠷᠠᠬᠤ ᠦᠭᠡᠢ ᠤᠳᠤᠬᠠᠨ ᠪᠤᠯᠳᠠᠯ᠎ᠠ ᠪᠠᠷᠤᠭ 500 ᠭᠠᠷᠤᠢ ᠨᠤᠮ ᠪᠦᠳᠦᠬᠡᠯ ᠭᠠᠷᠭᠠᠵᠤ ᠦᠤᠰᠢᠨ ᠤ ᠤᠳᠬ᠎ᠠ | ᠵᠤᠬᠢᠶᠠᠯ ᠤᠨ ᠭᠦᠭᠵᠢᠯᠳᠡ ᠳᠤ ᠪᠠᠯᠠᠷᠠᠰᠢ ᠦᠭᠡᠢ ᠵᠢᠳᠭᠦᠯ ᠦᠵᠡᠬᠦᠯᠥᠭᠰᠡᠭᠡᠷ ᠢᠷᠡᠵᠡᠢ᠃ |