| | | | | 12 ᠰᠠᠷ᠎ᠠ ᠶᠢᠨ 23 ᠤ ᠡᠳᠤᠷ᠂ ᠦᠪᠡᠷᠳᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠤᠨ ᠮᠣᠩᠭᠤᠯ ᠬᠡᠯᠡ ᠪᠢᠴᠢᠭ ᠤᠨ ᠳᠦᠷᠢᠮᠵᠢᠭᠦᠨ ᠬᠡᠷᠡᠭᠯᠡᠭᠡᠨ ᠤ ᠪᠠᠶᠢᠳᠠᠯ ᠵᠢᠴᠢ ︽ᠮᠣᠩᠭᠤᠯ ᠵᠦᠪ | ᠪᠢᠴᠢᠯᠭᠡ ᠶᠢᠨ ᠲᠣᠯᠢ︾ ᠶᠢ ᠵᠠᠰᠠᠨ ᠨᠠᠶᠢᠷᠠᠭᠤᠯᠬᠤ ᠲᠤᠬᠠᠢ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ | ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠰᠠᠨᠠᠯ ᠬᠤᠷᠢᠶᠠᠬᠤ ᠰᠠᠭᠤᠳᠠᠯ ᠤᠨ ᠬᠤᠷᠠᠯ | ᠬᠤᠷᠠᠯᠳᠤᠭᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠶᠢᠨ ᠬᠢᠨ ᠪᠣᠯᠤᠨ ᠬᠤᠰᠢᠭᠤ ᠰᠤᠷᠭᠠᠨ ᠬᠦᠮᠦᠵᠢᠯ ᠤᠨ | ᠰᠢᠰᠲ᠋ᠧᠮ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠮᠣᠩᠭᠤᠯ ᠬᠡᠯᠡᠨ ᠤ ᠠᠵᠢᠯ ᠢ ᠬᠠᠷᠢᠭᠤᠴᠠᠵᠤ ᠪᠠᠶᠢᠭ᠎ᠠ ᠪᠠᠭᠰᠢ | ᠠᠵᠢᠯᠲᠠᠳ ᠰᠠᠨᠠᠯ ᠬᠤᠷᠢᠶᠠᠬᠤ ᠰᠠᠭᠤᠳᠠᠯ ᠤᠨ ᠬᠤᠷᠠᠯ ᠳᠤ ᠣᠷᠣᠯᠴᠠᠵᠤ᠂ ᠬᠤᠷᠠᠯ ᠳᠡᠭᠡᠷ᠎ᠡ ᠮᠣᠩᠭᠤᠯ ᠦᠭᠡ ᠬᠡᠯᠡ | ᠦᠰᠦᠭ ᠪᠢᠴᠢᠭ ᠢ ᠰᠤᠳᠤᠯᠵᠤ ᠭᠡᠷᠡᠭᠯᠠᠵᠤ ᠪᠠᠶᠢᠭ᠎ᠠ ᠬᠦᠮᠦᠰ ᠮᠣᠩᠭᠤᠯ ᠬᠡᠯᠡ ᠪᠢᠴᠢᠭ ᠢ ᠳᠦᠷᠢᠮᠵᠢᠯ ᠪᠠᠷᠢᠮᠵᠢᠶ᠎ᠠ ᠲᠠᠢ | ᠬᠡᠷᠡᠭᠯᠡᠬᠦ ᠴᠢᠬᠤᠯᠠ ᠴᠢᠨᠠᠷ ᠪᠣᠯᠤᠨ ᠲᠤᠯᠭᠠᠮ᠎ᠠ ᠱᠠᠭᠠᠷᠳᠠᠭᠳᠠᠵᠤ ᠪᠠᠶᠢᠭ᠎ᠠ᠂ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ | ᠶᠢ ᠲᠦᠭᠡᠮᠡᠯᠵᠢᠭᠦᠯᠵᠦ ᠪᠠᠶᠢᠭ᠎ᠠ᠂ ᠮᠣᠩᠭᠤᠯ ᠨᠡᠷ᠎ᠡ ᠲᠣᠮᠢᠶ᠎ᠠ ᠶᠢ ᠬᠡᠷᠡᠭᠯᠡᠵᠦ ᠪᠠᠶᠢᠭ᠎ᠠ᠂ ᠮᠣᠩᠭᠤᠯ ᠬᠡᠯᠡ ᠪᠢᠴᠢᠭ ᠤᠨ | ᠲᠦᠷᠢᠮᠵᠢᠭᠦᠨ ᠪᠢᠴᠢᠯᠭᠡ ᠶᠢᠨ ᠲᠠᠯ᠎ᠠ ᠪᠠᠷ ᠨᠠᠷᠢᠨ ᠭᠦᠨᠵᠡᠭᠡᠢ ᠶᠠᠷᠢᠯᠴᠠᠵᠤ᠂ ︽ᠮᠣᠩᠭᠤᠯ ᠵᠦᠪ ᠪᠢᠴᠢᠯᠭᠡ ᠶᠢᠨ ᠲᠣᠯᠢ | ︾ ᠶᠢ ᠵᠠᠰᠠᠨ ᠨᠠᠶᠢᠷᠠᠭᠤᠯᠬᠤ ᠠᠵᠢᠯ ᠤᠨ ᠲᠤᠬᠠᠢ ᠰᠠᠨᠠᠯ ᠬᠤᠷᠢᠶᠠᠭᠰᠠᠨ ᠪᠠᠶᠢᠨ᠎ᠠ᠃ | ᠤᠶᠢᠯᠠᠭᠠᠭᠰᠠᠨ ᠢᠶᠠᠷ ᠮᠣᠩᠭᠤᠯ ᠬᠡᠯᠡ ᠪᠢᠴᠢᠭ ᠤᠨ ᠳᠦᠷᠢᠮᠵᠢᠭᠦᠨ ᠬᠡᠷᠡᠭᠯᠡᠭᠡᠨ ᠤ ᠪᠠᠶᠢᠳᠠᠯ ᠵᠢᠴᠢ ︽ | ᠮᠣᠩᠭᠤᠯ ᠵᠦᠪ ᠪᠢᠴᠢᠯᠭᠡ ᠶᠢᠨ ᠲᠣᠯᠢ︾ ᠶᠢ ᠵᠠᠰᠠᠨ ᠨᠡᠶᠢᠷᠠᠭᠤᠯᠬᠤ ᠲᠤᠬᠠᠢ ᠰᠠᠨᠠᠯ ᠬᠤᠷᠢᠶᠠᠬᠤ ᠠᠵᠢᠯ ᠢ ᠪᠦᠬᠦ | ᠣᠷᠣᠨ ᠤ ᠬᠡᠪᠴᠢᠶᠡᠨ ᠳᠤ ᠳᠦᠷᠪᠡᠨ ᠳᠤᠭᠤᠶᠢᠯᠠᠩ ᠬᠤᠪᠢᠶᠠᠨ ᠪᠠᠶᠢᠴᠠᠭᠠᠨ ᠰᠤᠳᠤᠯᠤᠯᠲᠠ ᠬᠢᠵᠤ᠂ ᠭᠤᠷᠪᠠᠳᠤᠭᠠᠷ | ᠳᠤᠭᠤᠶᠢᠯᠠᠩ ᠨᠢ ᠠᠯᠠᠱᠠ ᠠᠶᠢᠮᠠᠭ᠂ ᠦᠬᠠᠢ ᠬᠤᠲᠠ᠂ ᠪᠠᠶᠠᠠᠨᠠᠭᠤᠷ ᠬᠤᠲᠠ᠂ ᠣᠷᠳᠣᠰ ᠬᠤᠲᠠ ᠵᠡᠷᠭᠡ | ᠭᠠᠵᠠᠷ ᠢᠶᠠᠷ ᠭᠥᠷᠴᠤ ᠪᠠᠶᠢᠴᠠᠭᠠᠨ ᠰᠤᠳᠤᠯᠤᠯᠲᠠ ᠬᠢᠵᠦ ᠰᠠᠨᠠᠯ ᠬᠤᠷᠢᠶᠠᠵᠤ ᠪᠠᠶᠢᠨ᠎ᠠ᠃ | |