12 ᠰᠠᠷ᠎ᠠ ᠶᠢᠨ 21 ᠤ ᠡᠳᠤᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ | ᠤᠷᠤᠯᠠᠭᠴᠢ ᠲᠠᠷᠤᠭ᠎ᠠ ᠵᠤᠤ ᠹᠸᠢ ᠯᠤ᠋ ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠰᠢᠭᠦᠭᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶ᠎ᠠ ᠪᠤᠯᠤᠨ ᠭᠠᠯ ᠤᠨᠳᠠᠷᠠᠭᠠᠬᠤ | ᠶᠡᠭᠡ ᠠᠩᠭᠢ ᠳᠤ ᠭᠥᠷᠴᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠰᠢᠭᠤ ᠨᠠᠮ | ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ | ᠬᠤᠰᠢᠭᠤ ᠤᠳᠤᠷᠢᠳᠤᠯᠭ᠎ᠠ ᠭᠤᠤ ᠬᠤ᠋᠂ ᠪᠠᠶᠠᠠᠴᠠᠩᠭᠡᠯ᠂ ᠰᠥᠨ ᠰᠢᠶᠤᠤ ᠴᠢᠶᠠᠩ᠂ ᠽᠥᠸᠧ ᠴᠧᠨ ᠭᠤᠸᠠᠩ ᠪᠤᠯᠤᠨ | ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠭᠥᠮᠤᠨ ᠤ ᠭᠥᠴᠤᠨ ᠤ ᠡᠭᠢ ᠪᠠᠶᠠᠯᠢᠭ ᠪᠠ ᠨᠠᠶᠢᠭᠡᠮ ᠤᠨ | ᠪᠠᠳᠤᠯᠠᠭ᠎ᠠ ᠶᠢᠨ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶᠠᠨ ᠤ ᠭᠤᠤᠯ ᠬᠠᠷᠢᠭᠤᠴᠠᠯᠭᠠᠳᠠᠨ ᠪᠠᠷᠠᠳᠠᠨ | ᠪᠠᠶᠢᠴᠠᠭᠠᠪᠠ᠃ | | | | | | ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠯᠠᠪᠯᠠᠨ ᠠᠰᠠᠭᠤᠬᠤ ᠲᠠᠰᠤᠭ᠂ ᠪᠤᠳᠠᠰ ᠤᠨ | ᠭᠡᠷᠡᠴᠢ ᠶᠢᠨ ᠲᠠᠰᠤᠭ᠂ ᠵᠢᠯᠤᠭᠤᠳᠬᠤ ᠲᠢᠩᠭᠢᠮ᠂ ᠪᠠᠴᠢᠮ ᠪᠠᠶᠢᠳᠠᠯ ᠢ ᠰᠢᠢᠳᠪᠤᠷᠢᠯᠡᠬᠦ ᠪᠤᠳᠠᠰ ᠤᠨ ᠨᠥᠭᠡᠴᠢᠯᠠᠯᠳᠠ | ᠶᠢᠨ ᠭᠥᠮᠤᠷᠭᠡ᠂ ᠲᠠᠷᠢ ᠰᠤᠮᠤ ᠶᠢᠨ ᠭᠥᠮᠤᠷᠭᠡ ᠪᠠᠷ ᠪᠠᠶᠢᠴᠠᠭᠠᠨ ᠥᠵᠠᠵᠤ᠂ ︽ᠪᠢᠴᠢᠯ ᠴᠠᠭᠳᠠᠭᠠᠨ ᠤ ᠶᠠᠪᠤᠳᠠᠯ︾ | ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠥᠯᠳᠠ ᠶᠢ ᠰᠤᠨᠤᠰᠤᠭᠰᠠᠨ ᠪᠠᠶᠢᠨ᠎ᠠ᠃ ᠵᠤᠤ ᠹᠸᠢ ᠯᠤ᠋ | ᠴᠢᠬᠤᠯᠠᠴᠢᠯᠠᠬᠤ ᠳᠤ ᠪᠠᠨ ᠲᠤᠳᠤᠭᠠᠳᠤ ᠶᠢ ᠬᠠᠮᠠᠭᠠᠯᠠᠬᠤ ᠠᠯᠪᠠᠨ ᠪᠡᠶᠢᠭᠤᠯᠭ᠎ᠠ ᠪᠤᠯ ᠨᠡᠶᠢᠭᠡᠮ ᠤᠨ ᠲᠤᠭᠳᠠᠭᠤᠨ ᠤ | ᠲᠠᠷᠢᠭᠦᠨ ᠬᠠᠯᠬᠠᠪᠴᠢ ᠪᠤᠯᠤᠨ᠎ᠠ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠥᠷᠥᠯ ᠤᠨ | ᠲᠠᠮᠠᠴᠠᠯ ᠢ ᠭᠥᠨᠵᠡᠭᠡᠢ ᠥᠷᠨᠢᠭᠦᠯᠵᠤ᠂ ᠬᠠᠤᠯᠢ ᠵᠥᠷᠢᠴᠡᠭᠰᠠᠨ ᠶᠠᠯᠠᠳᠤ ᠠᠵᠢᠯᠯᠠᠭ᠎ᠠ ᠳᠤ ᠴᠢᠩᠭ᠎ᠠ ᠴᠤᠭᠢᠯᠳᠠ ᠥᠭᠭᠦ | ᠭᠥᠴᠥᠯᠠᠴᠠ ᠪᠠᠨ ᠲᠡᠭᠡᠭᠰᠢᠯᠡᠭᠦᠯᠵᠤ᠂ ᠨᠠᠶᠢᠭᠡᠮ ᠤᠨ ᠠᠮᠤᠷ ᠢ ᠬᠠᠮᠠᠭᠠᠯᠠᠬᠤ ᠰᠠᠷᠭᠡᠶᠢᠯᠠᠯᠳᠠ ᠶᠢᠨ ᠲᠤᠭᠳᠠᠯᠴᠠᠭᠠᠨ ᠤ | ᠪᠠᠶᠢᠭᠤᠯᠤᠯᠳᠠ ᠶᠢ ᠲᠠᠭᠦᠯᠳᠠᠷᠵᠢᠭᠦᠯᠤᠨ᠂ ᠵᠥᠷᠢᠴᠡᠯ ᠮᠥᠷᠭᠦᠯᠳᠤᠭᠡᠨ ᠢ ᠪᠠᠶᠢᠴᠠᠭᠠᠨ ᠡᠶᠠᠳᠠᠭᠦᠯᠭᠦ ᠶᠢ ᠠᠭᠢᠭᠤᠯᠵᠤ᠂ | ᠥᠨᠳᠤᠷ ᠭᠡᠪ ᠴᠢᠨᠠᠷ ᠲᠠᠢ ᠤᠳᠤᠭᠢᠴᠢᠯᠠᠭᠰᠠᠨ ᠲᠤᠳᠤᠭᠠᠳᠤ ᠶᠢ ᠬᠠᠮᠠᠭᠠᠯᠠᠬᠤ ᠡᠩᠨᠡᠭᠡ ᠶᠢ ᠪᠠᠶᠢᠭᠤᠯᠤᠨ᠂ ᠪᠥᠭᠦ | ᠬᠤᠰᠢᠭᠤᠨ ᠤ ᠨᠠᠶᠢᠭᠡᠮ ᠤᠨ ᠶᠡᠭᠡ ᠪᠠᠶᠢᠳᠠᠯ ᠤᠨ ᠠᠮᠤᠷ ᠲᠥᠪᠰᠢᠨ ᠲᠤᠭᠳᠠᠭᠤᠨ ᠢ ᠡᠷᠡᠰ ᠬᠠᠮᠠᠭᠠᠯᠠᠬᠤ ᠭᠡᠷᠡᠭᠳᠠᠢ | ᠭᠡᠵᠡᠢ᠃ | ᠬᠤᠰᠢᠭᠤ ᠠᠷᠠᠳ ᠤᠨ ᠰᠢᠭᠦᠭᠦ ᠬᠤᠷᠢᠶᠠᠨ ᠳᠤ ᠰᠢᠭᠦᠨ ᠲᠠᠰᠤᠯᠬᠤ ᠲᠢᠩᠭᠢᠮ ᠤᠨ ᠥᠷᠭᠡᠳᠭᠡᠭᠰᠠᠨ ᠲᠥᠷᠥᠯ | ᠵᠥᠢᠯ᠂ ᠵᠠᠷᠭᠤ ᠶᠢᠨ ᠥᠢᠯᠡᠴᠢᠯᠡᠭᠡᠨ ᠤ ᠲᠥᠪ᠂ ᠮᠤᠩᠭᠤᠯ ᠰᠢᠭᠦᠨ ᠲᠠᠰᠤᠯᠬᠤ ᠡᠩᠨᠡᠭᠡ ᠵᠠᠷᠭᠡ ᠶᠢᠨ ᠠᠵᠢᠯ ᠢ | ᠪᠠᠶᠢᠴᠠᠭᠠᠨ ᠥᠵᠡᠪᠠ᠃ ᠵᠤᠤ ᠹᠸᠢ ᠯᠤ᠋ ᠴᠢᠬᠤᠯᠠᠴᠢᠯᠠᠬᠤ ᠳᠤ ᠪᠠᠨ ᠬᠠᠤᠯᠢ ᠶᠤᠰᠤᠭᠠᠷ ᠭᠡᠷᠡᠭ ᠰᠢᠳᠭᠡᠵᠤ᠂ ᠰᠢᠭᠦᠨ | ᠲᠠᠰᠤᠯᠬᠤ ᠴᠢᠳᠠᠪᠭᠢᠳᠤ ᠥᠢᠯᠡᠳᠤᠯ ᠢᠶᠠᠨ ᠭᠥᠢᠴᠡᠳ ᠪᠠᠳᠠᠷᠠᠭᠤᠯᠵᠤ᠂ ᠭᠡᠷᠡᠭ ᠢ ᠰᠢᠭᠦᠨ ᠲᠠᠰᠤᠯᠬᠤ ᠴᠢᠨᠠᠷ | ᠴᠢᠨᠰᠠᠭ᠎ᠠ ᠪᠤᠯᠤᠨ ᠬᠠᠤᠯᠢ ᠭᠡᠷᠡᠭᠵᠢᠭᠦᠯᠭᠦ ᠭᠢᠷᠢ ᠲᠥᠪᠰᠢᠨ ᠢᠶᠠᠨ ᠲᠡᠭᠡᠭᠰᠢᠯᠠᠭᠦᠯᠵᠤ᠂ ᠬᠠᠤᠯᠢ ᠶᠢᠨ ᠲᠥᠪ ᠭᠤᠤᠯᠴᠢ᠂ | ᠥᠨᠳᠤᠷ ᠠᠰᠢᠭ ᠲᠠᠢ᠂ ᠠᠷᠢᠭᠤᠨ ᠴᠢᠭᠡᠴᠢ ᠪᠠᠶᠢᠬᠤ ᠶᠢ ᠪᠠᠳᠤᠯᠠᠬᠤ ᠭᠡᠷᠡᠭᠳᠠᠢ᠃ ᠭᠥᠢᠴᠡᠳᠭᠡᠭᠦ ᠠᠵᠢᠯ ᠤᠨ | ᠭᠥᠴᠥᠯᠠᠴᠠ ᠪᠠᠨ ᠨᠡᠮᠡᠭᠳᠡᠭᠦᠯᠤᠨ᠂ ᠠᠵᠢᠯ ᠤᠨ ᠠᠷᠭ᠎ᠠ ᠭᠡᠯᠪᠠᠷᠢ ᠶᠢᠨ ᠰᠢᠨ᠎ᠠ ᠶᠢ ᠡᠭᠦᠳᠴᠤ᠂ ᠥᠷᠭᠡᠨ ᠤᠯᠠᠨ | ᠲᠥᠮᠡᠨ ᠤ ᠠᠮᠤᠷ ᠲᠥᠪᠰᠢᠨ ᠤ ᠲᠥᠷᠥᠭᠳᠠᠯ ᠪᠤᠯᠤᠨ ᠬᠠᠨᠤᠮᠵᠢ ᠶᠢᠨ ᠲᠥᠷᠥᠭᠳᠠᠯ ᠢ ᠲᠡᠭᠡᠰᠢᠯᠡᠭᠦᠯᠭᠦ ᠭᠡᠷᠡᠭᠳᠠᠢ᠃ | ᠰᠢᠭᠦᠨ ᠲᠠᠰᠤᠯᠬᠤ ᠲᠢᠩᠭᠢᠮ ᠤᠨ ᠥᠷᠭᠡᠳᠭᠡᠭᠰᠠᠨ ᠲᠥᠷᠥᠯ ᠵᠥᠢᠯ ᠤᠨ ᠬᠤᠶᠢᠨᠠᠭᠢ ᠢᠨᠵᠧᠨᠧᠷᠢᠩ ᠤᠨ ᠠᠭᠢᠴᠠ ᠶᠢ | ᠲᠥᠷᠭᠡᠳᠭᠡᠨ ᠡᠷᠳᠠᠭᠡᠨ ᠠᠰᠢᠭᠯᠠᠯᠳᠠ ᠳᠤ ᠤᠷᠤᠬᠤ ᠶᠢ ᠪᠠᠳᠤᠯᠠᠬᠤ ᠭᠡᠷᠡᠭᠳᠠᠢ ᠭᠡᠵᠡᠢ᠃ | ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠳᠤ ᠭᠡᠷᠡᠭ ᠰᠢᠳᠭᠡᠭᠦ ᠲᠤᠭᠤᠷᠢᠭ᠂ ᠠᠯᠪᠠᠯᠠᠬᠤ ᠲᠤᠭᠤᠷᠢᠭ | ᠪᠤᠯᠤᠨ ᠬᠠᠷᠠᠭᠠᠨ ᠲᠠᠪᠳᠠᠮᠵᠢ ᠪᠠᠷ ᠰᠤᠷᠪᠤᠯᠵᠢᠯᠠᠬᠤ ᠪᠠᠷ ᠢᠷᠡᠭᠰᠠᠳ ᠢ ᠭᠥᠯᠢᠶᠠᠨ ᠠᠪᠬᠤ ᠲᠤᠭᠤᠷᠢᠭ ᠢᠶᠠᠷ | ᠪᠠᠶᠢᠴᠠᠭᠠᠨ ᠥᠵᠠᠪᠠ᠃ ᠵᠤᠤ ᠹᠸᠢ ᠯᠤ᠋ ᠴᠢᠬᠤᠯᠠᠴᠢᠯᠠᠬᠤ ᠳᠤ ᠪᠠᠨ ᠪᠠᠶᠢᠴᠠᠭᠠᠬᠤ ᠪᠠᠶᠢᠭᠤᠯᠭ᠎ᠠ ᠪᠤᠯ ᠥᠨᠳᠤᠰᠤᠨ | ᠬᠠᠤᠯᠢ ᠳᠤ ᠲᠤᠭᠳᠠᠭᠠᠭᠰᠠᠨ ᠬᠠᠤᠯᠢ ᠶᠢᠨ ᠭᠢᠨᠠᠯᠳᠠ ᠲᠠᠯᠪᠢᠬᠤ ᠠᠯᠪᠠᠨ ᠪᠠᠶᠢᠭᠤᠯᠭ᠎ᠠ ᠪᠤᠯᠤᠨ᠎ᠠ᠂ ᠪᠠᠶᠢᠴᠠᠭᠠᠬᠤ | ᠠᠯᠪᠠᠨ ᠪᠠᠶᠢᠭᠤᠯᠭ᠎ᠠ ᠥᠨᠳᠤᠰᠤᠨ ᠬᠠᠤᠯᠢ ᠳᠠᠬᠢ ᠪᠠᠶᠢᠷᠢ ᠰᠠᠭᠤᠷᠢ ᠪᠠᠨ ᠡᠵᠡᠮᠳᠠᠨ ᠥᠨᠳᠤᠰᠤᠨ ᠬᠠᠤᠯᠢ ᠪᠤᠯᠤᠨ | ᠬᠠᠤᠯᠢ ᠠᠴᠠ ᠤᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠥᠨᠠᠨᠴᠢ ᠪᠠᠷ ᠭᠥᠢᠴᠡᠳᠭᠡᠵᠤ᠂ ᠭᠡᠷᠡᠭ ᠵᠠᠷᠭᠤ ᠶᠢ | ᠰᠢᠢᠳᠪᠤᠷᠢᠯᠡᠬᠦ ᠴᠢᠨᠠᠷ ᠢ ᠳᠡᠭᠡᠭᠰᠢᠯᠡᠭᠦᠯᠦᠨ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠠ ᠪᠤᠯᠤᠨ | ᠶᠡᠭᠡ ᠪᠠᠶᠢᠳᠠᠯ ᠤᠨ ᠲᠤᠭᠳᠠᠭᠤᠨ ᠳᠤ ᠭᠥᠴᠥᠷᠭᠡᠭ ᠶᠡᠭᠡ ᠬᠠᠤᠯᠢ ᠴᠠᠭᠠᠵᠠ ᠶᠢᠨ ᠪᠠᠳᠤᠯᠠᠭ᠎ᠠ ᠪᠤᠯᠤᠨ ᠰᠢᠯᠢᠳᠡᠭ | ᠰᠠᠶᠢᠨ ᠬᠠᠤᠯᠢ ᠴᠠᠭᠠᠵᠠ ᠶᠢᠨ ᠥᠢᠯᠡᠴᠢᠯᠡᠭᠡ ᠬᠠᠩᠭᠠᠬᠤ ᠭᠡᠷᠡᠭᠳᠠᠢ ᠭᠡᠵᠡᠢ᠃ | ᠬᠠᠤᠯᠢ ᠴᠠᠭᠠᠵᠠ ᠶᠢᠨ ᠲᠤᠪᠴᠢᠶ᠎ᠠ ᠳᠤ᠂ ᠮᠡᠳᠡᠭᠡ ᠵᠠᠩᠭᠢ ᠶᠢ ᠭᠢᠨᠠᠨ ᠡᠵᠡᠮᠰᠢᠭᠦ ᠵᠢᠯᠤᠭᠤᠳᠬᠤ ᠲᠥᠪ ᠢᠶᠠᠷ | ᠪᠠᠶᠢᠴᠠᠭᠠᠨ ᠥᠵᠠᠵᠤ᠂ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠵᠤᠤ ᠹᠸᠢ | ᠯᠤ᠋ ᠴᠢᠬᠤᠯᠠᠴᠢᠯᠠᠬᠤ ᠳᠤ ᠪᠠᠨ ︽ᠳᠤᠯᠤᠳᠤᠭᠠᠷ ᠲᠠᠪᠤᠨ ᠵᠢᠯ︾ ᠤᠨ ᠬᠠᠤᠯᠢ ᠲᠥᠭᠡᠮᠠᠯᠵᠢᠭᠦᠯᠭᠦ ᠲᠥᠯᠥᠪᠵᠢᠭᠦᠯᠭᠡ ᠶᠢ | ᠪᠥᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠯᠤᠭ᠎ᠠ ᠳᠤ ᠭᠥᠨᠵᠡᠭᠡᠶᠢᠷᠠᠭᠦ ᠠᠵᠢᠯᠯᠠᠭᠠᠨ ᠢ | ᠭᠥᠨᠵᠡᠭᠡᠢ ᠥᠷᠨᠢᠭᠦᠯᠵᠤ᠂ ᠬᠠᠤᠯᠢ ᠴᠠᠭᠠᠵᠠ ᠶᠢᠨ ᠤᠬᠠᠭᠤᠯᠭ᠎ᠠ ᠭᠥᠮᠤᠵᠢᠯ ᠢ ᠠᠭᠢᠭᠤᠯᠬᠤ ᠭᠡᠷᠡᠭᠳᠠᠢ᠃ ᠨᠠᠶᠢᠭᠡᠮ | ᠲᠤᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠰᠠᠶᠢᠨ ᠭᠢᠵᠤ᠂ ᠵᠠᠰᠠᠨ ᠵᠠᠯᠠᠷᠠᠭᠤᠯᠬᠤ ᠰᠠᠯᠠᠭ᠎ᠠ ᠮᠥᠴᠢᠷ ᠤᠨ | ᠬᠤᠭᠤᠷᠤᠨᠳᠤᠭᠢ ᠬᠠᠮᠵᠢᠯᠴᠠᠭᠠᠨ ᠤ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃ ᠬᠠᠤᠯᠢᠴᠢ ᠶᠢᠨ ᠡᠩᠨᠡᠭᠡᠨ ᠤ | ᠬᠠᠮᠢᠶᠠᠷᠤᠯᠳᠠ ᠶᠢ ᠴᠢᠩᠭᠠᠳᠬᠠᠨ᠂ ᠬᠠᠤᠯᠢᠴᠢ ᠶᠢᠨ ᠡᠩᠨᠡᠭᠡᠨ ᠤ ᠥᠢᠯᠡᠳᠤᠯ ᠢ ᠪᠠᠳᠠᠷᠠᠭᠤᠯᠵᠤ᠂ ᠮᠠᠨ ᠤ ᠬᠤᠰᠢᠭᠤᠨ | ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠭᠢᠭᠤᠯᠬᠤ ᠬᠡᠷᠡᠭᠲᠠᠢ ᠭᠡᠵᠡᠢ᠃ | ᠭᠠᠯ ᠤᠨᠳᠠᠷᠠᠭᠠᠬᠤ ᠶᠡᠭᠡ ᠠᠩᠭᠢ ᠳᠤ ᠵᠢᠵᠢᠭᠦᠷᠯᠠᠭᠦ ᠲᠠᠰᠤᠭ᠂ ᠲᠠᠷᠭᠡ ᠮᠠᠰᠢᠨ ᠲᠤᠨᠤᠭ ᠲᠥᠭᠦᠭᠡᠷᠤᠮᠵᠢ ᠶᠢ | ᠪᠠᠶᠢᠴᠠᠭᠠᠨ ᠥᠵᠡᠭᠰᠠᠨ ᠪᠠᠶᠢᠨ᠎ᠠ᠃ ᠵᠤᠤ ᠹᠸᠢ ᠯᠤ᠋ ᠴᠢᠬᠤᠯᠠᠴᠢᠯᠠᠬᠤ ᠳᠤ ᠪᠠᠨ ᠤᠯᠤᠰ ᠲᠥᠷᠥ ᠶᠢᠨ ᠡᠭᠦᠷᠭᠡᠯᠠᠯ ᠢᠶᠠᠨ | ᠴᠢᠩᠭᠠᠳᠬᠠᠨ᠂ ᠥᠭᠡᠷᠡᠴᠢᠯᠠᠯᠳᠠ ᠶᠢᠨ ᠢᠳᠡᠭᠡᠯ ᠢᠶᠠᠨ ᠪᠠᠳᠤᠳᠬᠠᠨ᠂ ᠶᠡᠭᠡ ᠲᠠᠯ᠎ᠠ ᠶᠢ ᠪᠤᠳᠤᠯᠭᠢᠯᠠᠵᠤ᠂ | ᠥᠭᠡᠷᠡᠴᠢᠯᠠᠯᠳᠠ ᠶᠢᠨ ᠬᠤᠭᠤᠴᠠᠭᠠᠨ ᠤ ᠠᠵᠢᠯ ᠢ ᠡᠮᠭᠢ ᠴᠡᠭᠴᠠ ᠲᠠᠢ ᠠᠬᠢᠭᠤᠯᠬᠤ ᠬᠡᠷᠡᠭᠲᠠᠢ᠃ ᠭᠠᠯ ᠤᠨᠳᠠᠷᠠᠭᠠᠬᠤ | ᠠᠮᠤᠷ ᠲᠥᠪᠰᠢᠨ ᠤ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠵᠤ᠂ ᠭᠠᠯ ᠤᠨᠳᠠᠷᠠᠭᠠᠬᠤ ᠭᠢᠨᠠᠯᠳᠠ | ᠲᠠᠯᠪᠢᠬᠤ ᠬᠠᠤᠯᠢ ᠭᠡᠷᠡᠭᠵᠢᠭᠦᠯᠭᠦ ᠭᠥᠴᠥᠯᠡᠴᠠ ᠪᠠᠨ ᠨᠡᠮᠡᠭᠳᠡᠭᠦᠯᠵᠤ᠂ ᠭᠠᠯ ᠤᠨ ᠠᠶᠤᠯ ᠢ ᠰᠠᠷᠭᠡᠶᠢᠯᠡᠭᠦ ᠠᠵᠢᠯ ᠢ | ᠪᠥᠭᠦ ᠲᠠᠯ᠎ᠠ ᠪᠠᠷ ᠰᠠᠶᠢᠨ ᠭᠢᠭᠦ ᠭᠡᠷᠡᠭᠳᠠᠢ᠃ ᠭᠠᠯ ᠤᠨ ᠠᠶᠤᠯ ᠢ ᠰᠠᠷᠭᠡᠶᠢᠯᠠᠭᠦ ᠠᠮᠤᠷ ᠲᠥᠪᠰᠢᠨ ᠤ ᠤᠬᠠᠭᠤᠯᠭ᠎ᠠ ᠶᠢ | ᠰᠠᠶᠢᠨ ᠭᠢᠵᠤ᠂ ᠤᠯᠠᠨ ᠲᠥᠮᠡᠨ ᠤ ᠭᠠᠯ ᠤᠨ ᠠᠶᠤᠯ ᠢ ᠰᠠᠷᠭᠡᠶᠢᠯᠠᠭᠦ ᠠᠮᠤᠷ ᠲᠥᠪᠰᠢᠨ ᠤ ᠲᠠᠨᠢᠯᠳᠠ ᠪᠤᠯᠤᠨ ᠥᠪᠠᠷ | ᠢ ᠪᠠᠨ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠵᠤ᠂ ᠬᠠᠷᠢᠶ᠎ᠠ ᠤᠷᠤᠨ ᠤ ᠭᠠᠯ ᠤᠨᠳᠠᠷᠠᠭᠠᠬᠤ ᠠᠮᠤᠷ ᠲᠥᠪᠰᠢᠨ ᠤ | ᠪᠠᠶᠢᠳᠠᠯ ᠤᠨ ᠲᠤᠭᠳᠠᠭᠤᠨ ᠢ ᠪᠠᠳᠤᠯᠠᠬᠤ ᠭᠡᠷᠡᠭᠳᠠᠢ ᠭᠡᠵᠡᠢ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ | ᠬᠤᠷᠢᠶ᠎ᠠ᠂ ᠰᠢᠭᠦᠭᠦ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶ᠎ᠠ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠭᠤᠤᠯ ᠠᠵᠢᠯ ᠤᠨ ᠲᠤᠭᠤᠷᠢᠨ ᠳᠤ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ | ᠤᠨ ᠤᠨᠴᠠᠯᠢᠭ ᠪᠦᠬᠦᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠤᠯᠤᠰ ᠲᠥᠷᠥ ᠶᠢᠨ | ᠵᠤᠭᠰᠤᠴᠠ ᠪᠠᠨ ᠲᠡᠭᠡᠭᠰᠢᠯᠡᠭᠦᠯᠵᠤ᠂ ᠥᠵᠠᠯ ᠰᠠᠨᠠᠭ᠎ᠠ ᠥᠢᠯᠡ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠥᠭᠦᠷ | ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠥᠨᠳᠤᠷᠴᠠ ᠲᠠᠢ ᠨᠢᠭᠡᠳᠤᠯᠳᠠᠢ ᠪᠠᠶᠢᠵᠤ᠂ ᠤᠨᠤᠯ ᠤᠨ | ᠰᠤᠷᠤᠯᠴᠠᠯᠭ᠎ᠠ ᠪᠠᠨ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠭᠡᠪ ᠴᠢᠨᠠᠷ ᠢᠶᠠᠨ ᠲᠡᠭᠡᠭᠰᠢᠯᠡᠭᠦᠯᠵᠤ᠂ ᠡᠩᠨᠡᠭᠡᠨ ᠤ | ᠪᠠᠶᠢᠭᠤᠯᠤᠯᠳᠠ ᠶᠢᠨ ᠴᠢᠩᠭᠠᠳᠬᠠᠨ᠂ ᠥᠢᠯᠡᠴᠢᠯᠡᠭᠡᠨ ᠤ ᠭᠢᠷᠢ ᠲᠥᠪᠰᠢᠨ ᠢᠶᠠᠨ ᠲᠡᠭᠡᠭᠰᠢᠯᠡᠭᠦᠯᠵᠤ᠂ ᠥᠷᠭᠡᠨ ᠤᠯᠠᠨ | ᠲᠥᠮᠡᠨ ᠤ ᠡᠷᠭᠡ ᠠᠰᠢᠭ ᠢ ᠬᠠᠮᠠᠭᠠᠯᠠᠨ᠂ ᠭᠠᠵᠠᠷ ᠤᠷᠤᠨ ᠤ ᠠᠵᠤ ᠠᠬᠤᠢ ᠶᠢᠨ ᠭᠥᠭᠵᠢᠯᠳᠠ ᠳᠤ ᠥᠢᠯᠡᠴᠢᠯᠠᠵᠤ᠂ | ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠠᠬᠢ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ | ᠳᠤ ᠨᠡᠩ ᠶᠡᠭᠡ ᠬᠤᠪᠢ ᠨᠠᠮᠠᠷᠢ ᠪᠠᠨ ᠡᠷᠭᠦᠬᠦ ᠭᠡᠷᠡᠭᠳᠠᠢ ᠭᠡᠵᠡᠢ᠃ |