ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-12-27
     12 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠨᠠᠷ ᠬᠤᠷᠠᠯ ᠳᠤ ᠰᠠᠭᠠᠳᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠤᠳᠤᠷᠢᠳᠤᠯᠭ᠎ᠠ ᠰᠥᠨ ᠰᠢᠶᠤᠤ ᠴᠢᠶᠠᠩ᠂ ᠽᠥᠸᠧ ᠴᠧᠨ ᠭᠤᠸᠠᠩ ᠬᠤᠷᠠᠯ  ᠳᠤ ᠤᠷᠤᠯᠴᠠᠪᠠ᠃      ᠬᠤᠷᠠᠯ ᠢᠶᠠᠷ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠥᠷᠥ ᠶᠢᠨ ᠵᠥᠪᠯᠡᠯᠭᠡᠨ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ  ᠤᠨ ᠲᠤᠭᠤᠶᠢᠯᠠᠩ ᠤᠨ 2018 ᠤᠨ ᠤ ᠠᠵᠢᠯ ᠤᠨ ᠬᠠᠷᠢᠭᠤ ᠮᠡᠳᠡᠭᠦᠯᠤᠯᠳᠠ ᠶᠢ ᠰᠤᠨᠤᠰᠴᠤ ᠬᠤᠰᠢᠭᠤ ᠨᠠᠮ ᠤᠨ ᠬᠤᠷᠢᠶᠠᠨ ᠤ ᠱᠥᠵᠢ ᠠᠴᠠ ᠥᠨᠠᠯᠠᠯᠳᠠ ᠭᠢᠪᠠ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠥᠩᠭᠡᠷᠡᠭᠰᠠᠨ ᠨᠢᠭᠡ ᠵᠢᠯ ᠳᠤ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠥᠷᠥ ᠶᠢᠨ ᠵᠥᠪᠯᠡᠯᠭᠡᠨ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠲᠤᠭᠤᠶᠢᠯᠠᠩ ᠨᠢ ᠰᠢ ᠶᠢᠨ ᠫᠢᠩ ᠨᠥᠭᠦᠷ  ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠰᠶᠢᠳᠪᠤᠷᠢᠳᠤ ᠱᠠᠭᠠᠷᠳᠠᠯᠭ᠎ᠠ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠰᠠᠨᠠᠭᠠᠴᠢᠯᠠᠭ᠎ᠠ ᠠᠴᠠ ᠪᠠᠨ ᠡᠭᠦᠷᠭᠡᠯᠠᠨ ᠤᠯᠤᠰ ᠲᠥᠷᠥ  ᠶᠢᠨ ᠴᠢᠭᠯᠡᠯ ᠢ ᠴᠢᠩᠭ᠎ᠠ ᠪᠠᠷᠢᠮᠳᠠᠯᠠᠵᠦ ᠬᠤᠶᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠺᠠᠳ᠋ᠷ ᠤᠨ ᠡᠩᠨᠡᠭᠡ ᠶᠢ ᠴᠢᠩᠭ᠎ᠠ ᠬᠠᠮᠢᠶᠠᠷᠴᠦ ᠡᠯ᠎ᠠ ᠲᠥᠷᠥᠯ ᠤᠨ ᠠᠵᠢᠯ ᠳᠤ ᠰᠢᠨ᠎ᠠ ᠠᠭᠢᠴᠠ ᠰᠢᠨ᠎ᠠ ᠥᠷ᠎ᠠ ᠪᠥᠳᠥᠮᠵᠢ ᠲᠠᠢ ᠪᠤᠯᠵᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠢᠳᠡᠪᠭᠢᠳᠠᠢ ᠬᠤᠪᠢ ᠨᠠᠮᠠᠷᠢ ᠪᠠᠨ ᠡᠷᠭᠦᠭᠰᠠᠨ ᠪᠠᠶᠢᠨ᠎ᠠ᠃ 2019 ᠤᠨ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠠᠭᠡᠯᠢᠭ ᠨᠠᠶᠢᠭᠡᠮ ᠢ ᠪᠥᠭᠦ ᠲᠠᠯ᠎ᠠ ᠪᠠᠷ ᠪᠠᠶᠠᠯᠠᠭᠦᠯᠭᠦ ᠨᠢᠭᠡᠳᠤᠭᠡᠷ ᠵᠠᠭᠤᠨ ᠵᠢᠯ ᠤᠨ ᠲᠠᠮᠠᠴᠠᠭᠦ ᠬᠠᠷᠠᠯᠳᠠ ᠶᠢᠨ ᠵᠠᠩᠬᠢᠯᠠᠭ᠎ᠠ ᠶᠢᠨ ᠵᠢᠯ ᠪᠠᠶᠢᠵᠤ᠂ ᠲᠠᠷᠠᠭ᠎ᠠ ᠵᠢᠯ ᠤᠨ ᠠᠵᠢᠯ ᠢ ᠰᠠᠶᠢᠨ ᠭᠢᠭᠦ ᠶᠢᠨ ᠠᠴᠢ ᠬᠤᠯᠪᠤᠭᠳᠠᠯ ᠴᠢᠬᠤᠯᠠ ᠶᠡᠭᠡ᠂ ᠡᠭᠦᠷᠭᠡ ᠭᠥᠨᠳᠤ ᠨᠦᠰᠡᠷ ᠪᠠᠶᠢᠭ᠎ᠠ ᠶᠤᠮ᠃ ᠨᠠᠮ ᠤᠨ ᠡᠯ᠎ᠠ ᠵᠤᠭᠢᠶᠠᠨ ᠪᠠᠶᠢᠭᠤᠯᠤᠯᠳᠠ ᠨᠢ ᠰᠢ  ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠦ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠤᠨ ᠲᠥᠷᠪᠡᠨ ᠤᠬᠠᠮᠰᠠᠷ ᠢ ᠪᠠᠲᠤ ᠪᠠᠬᠢ ᠪᠤᠢ ᠪᠤᠯᠭᠠᠵᠤ ᠨᠠᠮ ᠤᠨ ᠤᠯᠤᠰ ᠲᠥᠷᠥ  ᠶᠢᠨ ᠰᠠᠭᠢᠯᠭ᠎ᠠ ᠪᠠᠳᠤ ᠪᠤᠯᠤᠨ ᠤᠯᠤᠰ ᠲᠥᠷᠥ ᠶᠢᠨ ᠲᠥᠷᠢᠮ ᠲᠤᠭᠳᠠᠭᠠᠯ ᠢ ᠴᠢᠩᠭᠠᠳᠬᠠᠨ ᠨᠠᠮ ᠤᠨ ᠲᠥᠪ ᠬᠤᠷᠢᠶᠠᠨ ᠤ ᠡᠯ᠎ᠠ ᠲᠥᠷᠥᠯ ᠤᠨ ᠰᠶᠢᠳᠪᠤᠷᠢᠳᠤ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ᠃ ᠨᠠᠮ ᠤᠨ ᠲᠥᠪ ᠬᠤᠷᠢᠶᠠᠨ ᠤ ᠰᠶᠢᠳᠪᠤᠷᠢᠳᠤ ᠪᠠᠶᠢᠷᠢᠯᠠᠭᠤᠯᠤᠯᠲᠠ ᠪᠤᠯᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠠᠴᠠ ᠲᠤᠷᠠᠳᠤᠭᠰᠠᠨ ᠡᠯ᠎ᠠ ᠲᠥᠷᠤᠯ ᠤᠨ ᠬᠠᠷᠠᠯᠳᠠ ᠡᠭᠦᠷᠭᠡ ᠶᠢᠨ ᠲᠤᠭᠤᠷᠢᠨ ᠳᠤ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠨ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠵᠤ ᠡᠯ᠎ᠠ ᠲᠥᠷᠥᠯ ᠤᠨ ᠠᠵᠢᠯ ᠢ ᠠᠭᠢᠭᠤᠯᠤᠨ ᠰᠢᠨ᠎ᠠ ᠲᠡᠭᠳᠡᠷ  ᠲᠤ ᠭᠠᠷᠭᠠᠬᠤ ᠬᠡᠷᠡᠭᠲᠡᠢ᠃ ᠬᠠᠷᠢᠯᠴᠠᠨ ᠬᠠᠪᠰᠤᠷᠤᠯᠴᠠᠨ ᠨᠢᠭᠲᠠ ᠬᠠᠮᠵᠢᠯᠴᠠᠵᠤ ᠪᠥᠭᠦ ᠬᠤᠰᠢᠭᠤᠨ ᠤ ᠭᠥᠭᠵᠢᠯᠳᠠ  ᠶᠢᠨ ᠬᠠᠮᠳᠤᠷᠠᠯ ᠤᠨ ᠭᠥᠴᠤᠨ ᠢ ᠪᠥᠷᠢᠯᠳᠤᠭᠦᠯᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠲᠤᠮᠳᠠ ᠡᠭᠦᠷᠭᠡ ᠪᠠᠨ ᠭᠥᠢᠴᠡᠳᠭᠡᠨ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠠᠢ᠃ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠠᠨ ᠨᠠᠮ ᠤᠨ ᠪᠠᠶᠢᠭᠤᠯᠤᠯᠳᠠ ᠶᠢ ᠴᠢᠩᠭ᠎ᠠ ᠠᠳᠬᠤᠵᠦ ᠲᠥᠪ ᠴᠢᠩᠭ᠎ᠠ ᠤᠬᠠᠮᠰᠠᠷ᠂ ᠲᠥᠪ ᠴᠢᠩᠭ᠎ᠠ ᠤᠪᠤᠷ᠂ ᠲᠥᠪ ᠴᠢᠩᠭ᠎ᠠ ᠱᠠᠭᠠᠷᠳᠠᠯᠭ᠎ᠠ᠂ ᠲᠥᠪ ᠴᠢᠩᠭ᠎ᠠ ᠪᠠᠷᠢᠮᠵᠢᠶ᠎ᠠ ᠶᠢ ᠨᠠᠮ ᠤᠨ ᠪᠠᠶᠢᠭᠤᠯᠤᠯᠳᠠ ᠶᠢᠨ ᠡᠯ᠎ᠠ ᠲᠠᠯ᠎ᠠ ᠳᠤ ᠲᠤᠭᠤᠰᠢᠯᠠᠭᠤᠯᠤᠨ ᠨᠠᠮ ᠤᠨ ᠲᠤᠳᠤᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠬᠤ ᠭᠡᠷᠡᠭᠳᠠᠢ᠃ ᠥᠪᠠᠷ ᠤᠨ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠨ ᠡᠭᠦᠷᠭᠡᠯᠠᠵᠤ ᠥᠢᠯᠡᠳᠤᠯ ᠢᠶᠠᠨ ᠨᠠᠩ ᠰᠠᠶᠢᠨ ᠪᠠᠳᠠᠷᠠᠭᠤᠯᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠤᠶᠤᠨ ᠤᠬᠠᠭᠠᠨ ᠭᠥᠴᠤᠨ ᠴᠢᠳᠠᠯ ᠢᠶᠠᠨ ᠡᠷᠭᠦᠭᠦ ᠬᠡᠷᠡᠭᠲᠡᠢ ᠭᠡᠵᠡᠢ᠃      ᠬᠤᠷᠠᠯ ᠢᠶᠠᠷ ᠪᠠᠰᠠ ᠪᠤᠰᠤᠳ ᠶᠠᠪᠤᠳᠠᠯ ᠢ ᠰᠤᠳᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号