ᠬᠠᠨ ᠭᠠᠷᠤᠳᠢ ᠶᠢᠰᠦᠨ ᠲᠦᠮᠡᠨ ᠭᠠᠵᠠᠷ ᠤᠨ ᠤᠬᠳᠠᠷᠭᠤᠢ ᠳᠤ ᠵᠢᠬᠦᠷ ᠢᠶᠠᠨ ᠲᠡᠯᠭᠡᠨ ᠲᠡᠭᠦᠯᠢᠨ ᠨᠢᠰᠦᠨᠡᠮ
ᠨᠡᠶᠢᠲᠡᠯᠡᠭᠰᠡᠨ ᠴᠠᠭ᠄
2018-12-27
                   — ᠶᠡᠷᠤᠩᠬᠡᠢ ᠱᠦᠵᠢ ᠰᠢ ᠶᠢᠨ ᠫᠢᠩ ᠤᠨ ᠦᠬᠡᠷᠡᠴᠢᠯᠡᠯᠳᠡ ᠨᠡᠬᠡᠬᠡᠯᠳᠡ ᠬᠢᠭᠰᠡᠡ                    40 ᠵᠢᠯ ᠤᠨ ᠤᠢ ᠶᠢ ᠪᠡᠯᠬᠡᠯᠡᠬᠦ ᠶᠡᠭᠡ ᠬᠤᠷᠡᠯ ᠲᠡᠭᠡᠷᠡᠬᠢ                    ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ                                                                                             ᠠᠷᠠᠳ ᠤᠨ ᠡᠳᠤᠷ ᠤᠨ ᠰᠤᠨᠢᠨ ᠤ ᠰᠢᠬᠦᠮᠵᠢᠯᠡᠭᠴᠢ      ᠲᠡᠤᠬᠡ ᠶᠡᠷᠤ ᠨᠢ ᠤᠷᠤᠭᠰᠢᠯᠠᠵᠥ ᠯᠡ ᠪᠠᠶᠢᠳᠠᠭ᠂ ᠲᠡᠤᠬᠡ ᠶᠡᠷᠤ ᠨᠢ ᠲᠠᠳᠠᠭᠠᠯᠵᠠᠭᠴᠢ᠂ ᠪᠠᠷᠠᠯᠠᠬᠴᠢ᠂ ᠴᠠᠯᠠᠭᠠᠶᠢᠷᠠᠭᠴᠢ᠂ ᠦᠬᠡᠨᠴᠡ ᠲᠤᠷᠤᠢ ᠬᠦᠮᠦᠰ ᠢ ᠬᠦᠯᠢᠶᠡᠬᠦ ᠦᠭᠡᠢ ᠶᠤᠮ᠃ ᠲᠡᠤᠬᠡ ᠲᠠᠢ ᠵᠡᠷᠬᠡ ᠪᠠᠷ ᠤᠷᠤᠭᠰᠢᠯᠠᠵᠥ ᠂ ᠴᠠᠭ ᠦᠶ᠎ᠡ ᠲᠠᠢ ᠬᠤᠪᠢ ᠵᠠᠶᠠᠭ᠎ᠠ ᠪᠠᠨ ᠬᠠᠮᠳᠤᠳᠬᠠᠭᠰᠠᠠ ᠬᠦᠮᠥᠨ ᠰᠠᠶ᠋ᠢ ᠬᠡᠬᠡᠨ ᠰᠠᠷᠠᠭᠤᠯ ᠢᠷᠡᠬᠡᠳᠤᠢ ᠶᠢ ᠤᠯᠵᠥ ᠴᠢᠳᠠᠳᠠᠭ ᠶᠤᠮ᠃      ︽ᠲᠦᠴᠢᠨ ᠵᠢᠯ ᠲᠤᠭᠰᠢᠨ ᠲᠠᠪᠠᠯᠭᠠᠨ ᠨᠦᠷᠢᠨ ᠢᠷᠡᠬᠦᠶ᠎ᠡ᠂ ᠬᠠᠨ ᠭᠠᠷᠤᠳᠢ ᠶᠢᠰᠦᠨ ᠲᠦᠮᠡᠨ ᠭᠠᠵᠠᠷ ᠤᠨ ᠤᠬᠳᠠᠷᠭᠤᠢ ᠳᠤ ᠵᠢᠬᠦᠷ ᠢᠶᠠᠨ ᠲᠡᠯᠭᠡᠨ ᠲᠡᠬᠦᠯᠢᠨᠠᠮ︾᠃ ᠦᠬᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠤᠢ ᠶᠢ ᠪᠡᠯᠬᠡᠯᠡᠬᠦ ᠶᠡᠭᠡ ᠬᠤᠷᠡᠯ ᠲᠡᠭᠡᠷ᠎ᠡ᠂ ᠶᠡᠷᠤᠩᠬᠡᠢ ᠱᠦᠵᠢ ᠰᠢ ᠶᠢᠨ ᠫᠢᠩ 40 ᠵᠢᠯ ᠤᠨ ᠦᠬᠡᠷᠡᠴᠢᠯᠡᠯᠳᠡ ᠨᠡᠬᠡᠬᠡᠯᠳᠡ ᠶᠢᠨ ᠠᠭᠤᠤ ᠶᠡᠭᠡ ᠦᠩᠬᠡᠷᠡᠯᠳᠡ ᠶᠢ ᠰᠡᠳᠬᠢᠯ ᠲᠤᠬᠳᠤᠯᠤᠨ ᠡᠷᠬᠢᠴᠡᠬᠦᠯᠦᠭᠰᠡᠡ ᠪᠦᠬᠡᠳ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠡᠤᠬᠡ ᠶᠢᠨ ᠶᠡᠭᠡ ᠬᠠᠷᠠᠭᠠᠰᠤ ᠠᠴᠠ᠂ ᠦᠬᠡᠷᠡᠴᠢᠯᠡᠯᠳᠡ ᠨᠡᠬᠡᠬᠡᠯᠳᠡ ᠶᠢᠨ ᠴᠢᠬᠤᠯᠠ ᠡᠷᠳᠡᠨᠢ᠂ ᠵᠠᠪᠠᠯ ᠶᠠᠪᠤᠬᠤ ᠵᠠᠮ᠂ ᠵᠠᠩᠬᠢᠯᠠᠭ᠎ᠠ ᠶᠢᠨ ᠠᠷᠭ᠎ᠠ ᠪᠤᠯᠬᠤ ᠠᠯᠤᠰ ᠬᠡᠳᠤ ᠶᠢᠨ ᠠᠴᠢ ᠬᠤᠯᠪᠤᠭᠳᠠᠯ ᠢ ᠵᠢᠭᠠᠵᠥ ᠭᠠᠷᠭᠠᠵᠥ᠂ ︽ᠦᠬᠡᠷᠡᠴᠢᠯᠡᠯᠳᠡ ᠨᠡᠬᠡᠬᠡᠯᠳᠡ ᠶᠢ ᠡᠴᠤᠰ ᠲᠤᠨᠢ ᠲᠤᠯᠳᠠᠯ᠎ᠠ ᠬᠢᠬᠦ ᠬᠡᠷᠡᠭᠳᠡᠢ︾ ᠬᠡᠵᠥ ᠤᠷᠢᠶᠠᠯᠠᠪᠠ᠃ ᠡᠨᠡ ᠨᠢ ᠲᠡᠤᠬᠡ ᠶᠢᠨ ᠶᠡᠭᠡ ᠬᠠᠨᠳᠤᠰᠢ ᠶᠢ ᠡᠵᠡᠮᠰᠢᠭᠰᠡᠡ ᠬᠦᠨᠵᠡᠬᠡᠢ ᠠᠵᠢᠬᠯᠠᠯᠳᠡ ᠪᠤᠯᠬᠤ ᠪᠠᠷ ᠪᠠᠷᠠᠬᠤ ᠦᠭᠡᠢ᠂ ᠨᠡᠩ ᠴᠦ ᠴᠠᠭ ᠦᠶ᠎ᠡ ᠶᠢᠨ ᠬᠦᠭᠵᠢᠯᠳᠡ ᠶᠢ ᠬᠦᠳᠦᠯᠥᠨ ᠲᠠᠭᠠᠭᠤᠯᠬᠤ ᠬᠦᠴᠦᠳᠤ ᠲᠤᠩᠬᠠᠭ ᠪᠤᠯᠤᠨ᠎ᠡ᠃      ᠲᠡᠤᠬᠡ ᠶᠢᠨ ᠶᠡᠭᠡ ᠬᠠᠨᠳᠤᠰᠢ ᠠᠴᠠ ᠦᠵᠡᠪᠡᠯ᠂ ᠤᠶᠢᠷ᠎ᠠ ᠦᠶ᠎ᠡ ᠠᠴᠠ ᠨᠠᠭᠠᠰᠢᠬᠢ ᠤᠷᠲᠤ ᠤᠳᠠᠭᠠᠨ ᠲᠡᠤᠬᠡ ᠶᠢᠨ ᠶᠠᠪᠤᠴᠠ ᠳᠤ᠂ ᠳᠤᠮᠳᠠᠳᠤ ᠤᠯᠤᠰ ᠤᠨ ᠠᠷᠠᠳ ᠲᠦᠮᠡᠨ ᠤᠯᠠᠨ ᠠᠷᠪᠢᠨ ᠬᠠᠯᠠ ᠵᠤᠪᠠᠯᠠᠩ ᠢ ᠦᠩᠬᠡᠷᠡᠬᠦᠯᠵᠥ᠂ ᠤᠯᠠᠨ ᠠᠷᠪᠢᠨ ᠦᠷᠡᠭᠳᠡᠯ ᠭᠠᠷᠭᠠᠵᠤ᠂ ᠤᠯᠠᠨ ᠤᠳᠠᠭ᠎ᠠ ᠠᠮᠢ ᠴᠦᠯᠡᠨ ᠲᠡᠮᠡᠴᠡᠪᠡ᠃ ︽ᠮᠦᠷᠡᠨ ᠭᠤᠤᠯ ᠴᠠᠪᠴᠢᠮ᠎ᠠ ᠬᠠᠳᠠ ᠬᠠᠪᠴᠢᠯ ᠠᠮᠠ ᠶᠢ ᠳᠠᠭᠠᠷᠢᠨ ᠳᠤᠯᠬᠢᠶᠠᠯᠠᠨ ᠤᠷᠤᠰᠴᠤ ᠴᠢᠳᠠᠳᠠᠬ ᠤᠨ ᠰᠢᠯᠲᠠᠭᠠᠨ ᠨᠢ᠂ ᠲᠦᠮᠡ ᠮᠢᠩᠭᠠᠨ ᠳᠤᠯᠬᠢᠶᠠᠨ ᠳᠠᠪᠠᠯᠭᠠᠨ ᠢ ᠬᠤᠷᠠᠮᠳᠤᠭᠤᠯᠤᠬᠰᠠᠨ ᠠᠤᠭ᠎ᠠ ᠬᠦᠴᠦᠨ ᠳᠤ ᠪᠤᠢ︾᠃ ᠶᠠᠬ 40 ᠵᠢᠯ ᠤᠨ ᠲᠤᠷᠰᠢᠬᠢ ᠦᠭᠡᠷᠡᠴᠢᠯᠡᠯᠲᠡ ᠨᠡᠭᠡᠭᠡᠯᠲᠡ ᠳᠤᠮᠳᠠᠳᠤ ᠤᠯᠤᠰ ᠤᠨ ᠠᠷᠠᠳ ᠲᠦᠮᠡᠨ ᠢ ᠪᠠᠶᠠᠵᠢᠬᠤ᠂ ᠬᠦᠴᠦᠷᠬᠡᠭᠵᠢᠬᠦ ᠠᠶᠠᠨ ᠤ ᠶᠠᠪᠤᠴᠠ ᠳᠤ ᠰᠢᠢᠳᠪᠦᠷᠢᠲᠤ ᠴᠢᠨᠠᠷᠲᠠᠢ ᠠᠯᠬᠤᠮ ᠢ ᠠᠯᠬᠤᠭᠤᠯᠵᠤ᠂ ᠳᠤᠮᠳᠠᠳᠤ ᠶᠢᠨ ᠦᠨᠳᠦᠰᠦᠲᠡᠨ ᠢ ︽ᠴᠠᠬ ᠦᠶ᠎ᠡ ᠶᠢ ᠬᠦᠭᠡᠭᠡᠵᠦ ᠭᠦᠢᠴᠡᠬᠦ︾ ᠠᠴᠠ ︽ᠴᠠᠬ ᠦᠶ᠎ᠡ ᠶᠢ ᠬᠦᠲᠦᠯᠦᠨ ᠳᠠᠭᠠᠭᠤᠯᠬᠤ︾ ᠬᠦᠷᠲᠡᠯᠡᠬᠢ ᠠᠭᠤᠤ ᠶᠡᠭᠡ ᠳᠠᠪᠠᠯᠲᠠ ᠶᠢ ᠪᠡᠶᠡᠯᠡᠭᠦᠯᠪᠡ᠃ ᠦᠨᠦᠳᠦᠷ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠲᠡᠤᠬᠡ ᠶᠢᠨ ᠠᠬᠢᠴᠠ ᠳᠤᠮᠳᠠ ᠬᠤᠷᠠᠮᠳᠤᠭᠤᠯᠤᠬᠰᠠᠨ ᠬᠦᠴᠦᠷᠬᠡᠭ ᠶᠡᠭᠡ ᠡᠨᠧᠷᠬᠢ ᠨᠢ ᠨᠢᠭᠡᠨᠲᠡ ᠭᠦᠢᠴᠡᠳ ᠢᠯᠡᠷᠡᠵᠥ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠤᠷᠢᠬᠯᠠᠬᠳᠠᠰᠢ ᠦᠭᠡᠢ ᠠᠤᠭ᠎ᠠ ᠬᠦᠴᠦᠨ ᠢ ᠬᠠᠩᠭᠠᠪᠠ᠃ ᠶᠠᠬ ᠡᠶᠢᠮᠦ ᠤᠴᠢᠷ ᠠᠴᠠ᠂ ᠶᠡᠷᠦᠩᠬᠡᠢ ᠱᠦᠵᠢ ᠰᠢ ᠶᠢᠨ ᠫᠢᠩ ᠰᠠᠶ᠋ᠢ ᠦᠭᠡᠷᠡᠴᠢᠯᠡᠯᠲᠡ ᠨᠡᠭᠡᠭᠡᠯᠲᠡ ᠪᠤᠯᠤᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠶᠢ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠬᠤ ᠯᠤᠭ᠎ᠠ ᠬᠠᠮᠲᠤ ᠲᠠᠪᠤᠨ ᠰᠠᠷ᠎ᠠ ᠶᠢᠨ ᠳᠦᠷᠪᠡᠨ ᠤ ᠬᠦᠳᠡᠯᠭᠡᠭᠡᠨ ᠠᠴᠠ ᠨᠠᠭᠠᠰᠢᠬᠢ ᠮᠠᠨ ᠤ ᠤᠯᠤᠰ ᠲᠤ ᠡᠭᠦᠰᠦᠭᠰᠡᠨ ᠭᠤᠷᠪᠠᠨ ᠶᠡᠭᠡ ᠲᠡᠤᠬᠡᠲᠤ ᠴᠢᠨᠠᠷᠲᠠᠢ ᠬᠡᠷᠡᠭ ᠶᠠᠪᠤᠳᠠᠯ ᠭᠡᠮᠠᠵᠦ᠂ ᠤᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠤᠷᠪᠠᠨ ᠶᠡᠭᠡ ᠬᠦᠰᠢᠶ᠎ᠡ ᠲᠤᠷᠠᠰᠬᠠᠯ ᠪᠤᠯᠭᠠᠨ ᠵᠡᠷᠭᠡᠴᠡᠭᠦᠯᠪᠡ᠃      ᠴᠠᠭ ᠦᠶ᠎ᠡ ᠶᠢᠨ ᠬᠦᠭᠵᠢᠯᠳᠠ ᠠᠴᠠ ᠦᠵᠡᠪᠡᠯ᠂ ᠲᠡᠯᠡᠭᠡᠢ ᠳ᠋ᠠᠬᠢᠨ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠰᠤᠯᠳᠠ ᠳᠤ ᠲᠤᠯᠭᠠᠷᠠᠵᠤ᠂ ᠡᠨᠡ ᠨᠢ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠳᠤ ᠴᠢᠬᠤᠯᠠ ᠶᠡᠭᠡ ᠠᠵᠠ ᠲᠤᠬᠢᠶᠠᠯ ᠤᠯᠭᠤᠪᠠ᠃ ᠲᠡᠯᠡᠭᠡᠢ ᠶᠢᠨ ᠬᠤᠪᠢᠰᠤᠯᠳᠠ ᠲᠤᠮᠳᠠ ᠠᠶᠤᠯ ᠲᠦᠭᠰᠢᠬᠦᠷᠢ ᠪᠤᠯᠤᠨ ᠠᠵᠠ ᠲᠤᠬᠢᠶᠠᠯ ᠬᠠᠮᠳᠤ ᠤᠷᠤᠰᠢᠵᠤ ᠪᠠᠶᠢᠬᠤ᠂ ᠠᠶᠤᠯ ᠲᠦᠭᠰᠢᠬᠦᠷᠢ ᠶᠢ ᠠᠷᠭᠠᠴᠠᠭᠠᠪᠡᠯ ᠠᠵᠠ ᠲᠤᠬᠢᠶᠠᠯ ᠪᠤᠯᠵᠤ᠂ ᠠᠵᠠ ᠲᠤᠬᠢᠶᠠᠯ ᠢᠶᠠᠨ ᠠᠯᠳᠠᠪᠡᠯ ᠠᠶᠤᠯ ᠲᠦᠭᠰᠢᠬᠦᠷᠢ ᠪᠤᠯᠤᠨ᠎ᠡ ᠭᠡᠳᠡᠭ ᠢ ᠮᠦᠨ ᠴᠤ ᠤᠯᠵᠤ ᠦᠵᠡᠬᠦ ᠬᠡᠷᠡᠭᠳᠠᠢ᠃ ᠠᠵᠠ ᠲᠤᠬᠢᠶᠠᠯ ᠢ ᠠᠮᠵᠢᠵᠥ᠂ ᠦᠷᠢᠰᠦᠯᠳᠦᠭᠡᠨ ᠢ ᠤᠬᠳᠤᠬᠤ ᠳᠤ ᠵᠠᠩᠭᠢᠯᠠᠭ᠎ᠠ ᠨᠢ ᠰᠢᠨ᠎ᠡ ᠴᠠᠭ ᠦᠶ᠎ᠡ ᠶᠢᠨ ᠦᠭᠡᠷᠡᠴᠢᠯᠡᠯᠳᠠ ᠨᠡᠭᠡᠭᠡᠯᠳᠠ ᠶᠢᠨ ᠲᠤᠭ ᠢ ᠦᠨᠳᠦᠷ ᠮᠠᠨᠳᠤᠭᠤᠯᠵᠤ᠂ ᠦᠷᠬᠦᠯᠵᠢᠯᠡᠨ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠡᠬᠦᠯᠵᠤ᠂ ᠨᠡᠭᠡᠭᠡᠯᠳᠠ ᠶᠢ ᠪᠦᠬᠦ ᠲᠠᠯ᠎ᠡ ᠪᠠᠷ ᠦᠷᠭᠡᠳᠭᠡᠬᠦ ᠳᠤ ᠪᠠᠶᠢᠨ᠎ᠡ᠃ 40 ᠵᠢᠯ ᠤᠨ ᠲᠤᠷᠰᠢ᠂ ᠪᠢᠳᠠ ᠶᠠᠭᠤᠨ ᠳᠤ ᠲᠦᠰᠢᠭᠯᠡᠨ ᠠᠷᠠᠳ ᠤᠨ ᠰᠡᠳᠬᠢᠯ ᠢ ᠬᠦᠭᠵᠢᠭᠡᠵᠤ᠂ ᠦᠵᠡᠯ ᠰᠠᠨᠠᠭ᠎ᠠ ᠪᠠᠨ ᠨᠢᠭᠡᠳᠭᠡᠵᠤ᠂ ᠬᠦᠴᠦᠨ ᠴᠢᠳᠠᠯ ᠢᠶᠠᠨ ᠨᠢᠬᠳᠠᠷᠠᠭᠤᠯᠤᠭᠰᠠᠠ ᠪᠤᠢ︖ ᠶᠠᠭᠤᠨ ᠳᠤ ᠲᠦᠰᠢᠭᠯᠡᠨ ᠪᠦᠬᠦ ᠠᠷᠠᠳ ᠤᠨ ᠡᠬᠦᠳᠦᠨ ᠪᠦᠳᠦᠭᠡᠬᠦ ᠵᠤᠷᠢᠭ ᠰᠠᠨᠠᠭ᠎ᠠ ᠪᠤᠯᠤᠨ ᠡᠬᠦᠳᠤᠨ ᠪᠦᠳᠦᠭᠡᠬᠦ ᠠᠮᠢᠵᠢᠷᠠᠯ ᠤᠨ ᠬᠦᠴᠦᠨ ᠢ ᠬᠦᠭᠵᠢᠭᠡᠭᠰᠡᠡ ᠪᠤᠢ︖ ᠶᠠᠭᠤᠨ ᠳᠤ ᠲᠦᠰᠢᠭᠯᠡᠨ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠲᠦᠷᠭᠡᠨ ᠬᠦᠭᠵᠢᠯᠳᠠ᠂ ᠬᠦᠷᠦᠩᠭᠡᠳᠤ ᠶᠤᠰᠤ ᠯᠤᠭ᠎ᠠ ᠶᠢᠨ ᠦᠷᠢᠰᠦᠯᠳᠦᠭᠡᠨ ᠤ ᠲᠤᠮᠳᠠ ᠬᠠᠷᠢᠴᠠᠭᠤᠯᠤᠬᠰᠡᠨ ᠲᠠᠪᠠᠭᠤᠯᠢᠭ ᠲᠠᠢ ᠪᠤᠯᠵᠤ ᠴᠢᠳᠠᠬᠰᠠᠨ ᠪᠤᠢ︖ ᠭᠡᠪᠡᠯ᠂ ᠦᠭᠡᠷᠡᠴᠢᠯᠡᠯᠳᠠ ᠨᠡᠭᠡᠭᠡᠯᠳᠠ ᠳᠤ ᠲᠦᠰᠢᠭᠯᠡᠭᠰᠡᠨ ᠠᠴᠠ ᠪᠤᠯᠤᠬᠰᠡᠨ ᠶᠤᠮ᠃ ᠦᠨᠦᠳᠦᠷ᠂ ᠤᠷᠴᠢᠨ ᠲᠤᠭᠤᠷᠢᠨ ᠭᠡᠳᠦᠢ ᠨᠠᠷᠢᠨ ᠪᠤᠳᠤᠯᠢᠶᠠᠨᠳᠠᠢ ᠪᠤᠯᠬᠤ ᠲᠤᠳᠤᠮ ᠪᠢᠳᠠ ᠨᠡᠩ ᠬᠠᠳᠠᠨ ᠪᠠᠳᠤ ᠢᠳᠡᠭᠡᠯ ᠵᠤᠷᠢᠭ᠂ ᠨᠡᠩ ᠬᠦᠴᠦᠳᠠᠢ ᠠᠷᠭ᠎ᠠ ᠬᠡᠮᠵᠢᠶ᠎ᠡ ᠪᠠᠷ ᠦᠭᠡᠷᠡᠴᠢᠯᠡᠯᠳᠠ ᠶᠢᠨ ᠵᠠᠮ ᠢᠶᠠᠷ ᠨᠡᠩ ᠲᠦᠷᠭᠡᠨ ᠵᠠᠮᠨᠠᠵᠤ᠂ ᠨᠡᠭᠡᠭᠡᠯᠳᠠ ᠶᠢᠨ ᠡᠬᠦᠳᠠ ᠶᠢ ᠨᠡᠩ ᠶᠡᠭᠡ ᠨᠡᠭᠡᠭᠡᠬᠦ ᠭᠡᠷᠡᠭᠳᠠᠢ᠃ ᠶᠡᠷᠤᠩᠭᠡᠢ ᠱᠦᠵᠢ ᠰᠢ ᠶᠢᠨ ᠫᠢᠩ ᠤᠨ ᠵᠢᠭᠠᠵᠥ ᠭᠠᠷᠭᠠᠭᠰᠠᠨᠴᠢᠯᠠᠨ᠂ ︽ᠦᠭᠡᠷᠡᠴᠢᠯᠡᠯᠳᠠ ᠨᠡᠭᠡᠭᠡᠯᠳᠠ ᠨᠢᠭᠡᠨᠳᠠ ᠲᠦᠮᠡᠨ ᠪᠡᠷᠬᠡ ᠮᠢᠩᠭᠠᠨ ᠪᠠᠷᠲᠠᠭ᠎ᠠ ᠶᠢ ᠲᠤᠭᠤᠯᠤᠭᠰᠠᠨ ᠪᠤᠯᠪᠠᠴᠤ ᠮᠦᠨ ᠯᠡ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠴᠢᠬᠤᠯᠠᠳᠠᠢ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠡᠮᠤᠨ᠎ᠡ ᠲᠠᠯᠪᠢᠬᠳᠠᠵᠤ ᠪᠠᠶᠢᠭ᠎ᠠ ᠲᠡᠤᠭᠡᠳᠤ ᠬᠠᠷᠢᠭᠤᠴᠠᠯᠭ᠎ᠠ ᠨᠡᠩ ᠦᠡᠭᠭᠡ ᠬᠡᠷᠡᠯᠳᠠᠢ᠂ ᠡᠬᠦᠷᠭᠡ ᠨᠡᠩ ᠬᠠᠳᠠᠭᠤ ᠪᠡᠷᠭᠡ᠂ ᠦᠷᠢᠰᠦᠯᠳᠦᠭᠡᠨ ᠨᠡᠩ ᠬᠠᠳᠠᠭᠤ ᠴᠢᠩᠭ᠎ᠠ᠂ ᠠᠵᠢᠯ ᠨᠡᠩ ᠠᠭᠤᠤ ᠶᠡᠭᠡ ᠶᠤᠮ︾᠃      ᠦᠬᠡᠷᠡᠴᠢᠯᠠᠯᠳᠠ ᠨᠡᠬᠡᠬᠡᠯᠳᠠ ᠪᠠᠶᠢᠬᠤ ᠦᠬᠡᠢ ᠪᠤᠯ᠂ ᠳᠤᠮᠳᠠᠳᠤ ᠤᠯᠤᠰ ᠤᠨ ᠦᠨᠤᠳᠤᠷ ᠪᠠᠶᠢᠵᠤ ᠴᠢᠳᠠᠬᠤ ᠦᠬᠡᠢ︔ ᠦᠬᠡᠷᠡᠴᠢᠯᠠᠯᠳᠠ ᠨᠡᠬᠡᠬᠡᠯᠳᠠ ᠠᠴᠠ ᠰᠠᠯᠪᠠᠯ᠂ ᠳᠤᠮᠳᠠᠳᠤ ᠤᠯᠤᠰ ᠤᠨ ᠮᠠᠷᠭᠠᠰᠢ ᠪᠠᠶᠢᠵᠤ ᠴᠢᠳᠠᠬᠤ ᠦᠬᠡᠢ᠃ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ᠂ ᠡᠷᠬᠡᠪᠰᠢ ᠴᠠᠬ ᠦᠶ᠎ᠠ ᠶᠢᠨ ᠤᠷᠤᠰᠬᠠᠯ ᠳᠤ ᠵᠤᠬᠢᠴᠠᠵᠤ᠂ ᠠᠷᠠᠳ ᠤᠨ ᠰᠠᠨᠠᠭ᠎ᠠ ᠶᠢ ᠲᠠᠭᠠᠵᠤ᠂ ᠵᠤᠷᠢᠬᠳᠠᠢ ᠪᠠᠷ ᠦᠬᠡᠷᠡᠴᠢᠯᠠᠯᠳᠠ ᠨᠡᠬᠡᠬᠡᠯᠳᠠ ᠬᠢᠵᠤ᠂ ᠨᠠᠮ ᠪᠤᠯᠤᠨ ᠠᠷᠠᠳ ᠲᠦᠮᠡᠨ ᠤ ᠠᠵᠢᠯ ᠤᠶᠢᠯᠡᠰ ᠢ ᠢᠮᠠᠬᠳᠠ ᠡᠷᠡᠯᠭᠡᠭᠯᠡᠨ ᠤᠷᠤᠬᠰᠢᠯᠠᠬᠤ ᠬᠦᠴᠦᠷᠭᠡᠭ ᠶᠡᠭᠡ ᠬᠦᠳᠡᠯᠬᠡᠬᠦ ᠬᠦᠴᠤᠨ ᠢᠶᠠᠷ ᠪᠢᠯᠬᠠᠭᠤᠯᠬᠤ ᠭᠡᠷᠡᠭᠳᠠᠢ᠃ ᠰᠢᠨ᠎ᠠ ᠴᠠᠬ ᠦᠶ᠎ᠠ ᠶᠢ ᠡᠬᠢᠯᠡᠬᠦᠯᠬᠦ ᠠᠴᠠ ᠰᠢᠨ᠎ᠠ ᠡᠷᠢᠨ ᠵᠠᠭᠤᠨ ᠳᠤ ᠤᠷᠤᠬᠤ ᠬᠦᠷᠳᠡᠯ᠎ᠠ᠂ ᠰᠢᠨ᠎ᠠ ᠭᠠᠷᠤᠭ᠎ᠠ ᠳᠤ ᠰᠠᠭᠤᠷᠢᠯᠠᠬᠤ ᠠᠴᠠ ᠰᠢᠨ᠎ᠠ ᠴᠠᠬ ᠦᠶ᠎ᠠ ᠳᠤ ᠤᠷᠤᠬᠤ ᠬᠦᠷᠳᠡᠯ᠎ᠠ᠂ ᠦᠬᠡᠷᠡᠴᠢᠯᠠᠯᠳᠠ ᠨᠡᠬᠡᠬᠡᠯᠳᠠ ᠶᠢᠨ 40 ᠵᠢᠯ ᠤᠨ ᠲᠤᠷᠰᠢ ᠤᠯᠤᠬᠰᠠᠨ ᠠᠭᠤᠤ ᠶᠡᠭᠡ ᠠᠮᠵᠢᠯᠳᠠ ᠪᠦᠳᠤᠮᠵᠢ ᠨᠢ ᠲᠡᠭᠷᠢ ᠠᠴᠠ ᠪᠠᠭᠤᠵᠤ ᠢᠷᠡᠭᠰᠡᠨ ᠱᠠᠯᠪᠢᠩ ᠪᠤᠰᠤ᠂ ᠨᠡᠩ ᠴᠤ ᠪᠤᠰᠤᠳ ᠤᠨ ᠰᠤᠶᠤᠷᠬᠠᠬᠰᠠᠨ ᠦᠭᠯᠢᠬᠡ ᠪᠤᠰᠤ᠂ ᠬᠠᠷᠢᠨ ᠪᠦᠬᠦ ᠨᠠᠮ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠤ ᠠᠵᠢᠯᠴᠢ ᠬᠦᠳᠡᠯᠨᠮᠤᠷᠢ᠂ ᠤᠶᠤᠨ ᠤᠬᠠᠭᠠᠨ᠂ ᠡᠷᠴᠢ ᠵᠤᠷᠢᠬ ᠢᠶᠠᠷ ᠬᠢᠵᠤ ᠪᠦᠲᠦᠭᠡᠭᠰᠡᠨ ᠶᠤᠮ᠃ ᠨᠡᠶᠢᠬᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠢ ᠪᠦᠳᠤᠬᠡᠨ ᠪᠠᠶᠢᠭᠤᠯᠵᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠪᠤᠯ ᠪᠤᠤᠬᠢᠶ᠎ᠠ ᠳᠠᠮᠵᠢᠭᠤᠯᠬᠤ ᠤᠷᠤᠯᠳᠤᠭᠠᠨ ᠪᠤᠯᠤᠨ᠎ᠠ᠂ ᠪᠢᠳᠠ ᠨᠢᠬᠡ ᠪᠤᠤᠬᠢᠶ᠎ᠠ ᠨᠢᠬᠡ ᠪᠤᠤᠬᠢᠶ᠎ᠠ ᠪᠠᠷ ᠳᠠᠮᠵᠢᠭᠤᠯᠤᠨ ᠬᠦᠶᠤᠵᠤ᠂ ᠦᠶ᠎ᠡ ᠨᠢᠭᠡ ᠪᠦᠷᠢ ᠶᠢᠨ ᠬᠦᠮᠦᠰ ᠨᠢ ᠬᠤᠶᠢᠴᠢ ᠦᠶ᠎ᠠ ᠶᠢᠨ ᠬᠦᠮᠦᠰ ᠲᠡᠭᠡᠨ ᠰᠠᠶᠢᠨ ᠬᠢᠷᠢ ᠪᠦᠳᠤᠮᠵᠢ ᠦᠯᠡᠳᠡᠬᠡᠵᠤ ᠦᠭᠬᠦ ᠭᠡᠷᠡᠭᠳᠠᠢ᠃ ᠦᠨᠤᠳᠤᠷ᠂ ᠨᠡᠩ ᠶᠡᠭᠡ ᠵᠤᠷᠢᠬ᠂ ᠨᠡᠩ ᠶᠡᠭᠡ ᠡᠷᠴᠢᠮ ᠢᠶᠠᠷ ᠦᠬᠡᠷᠡᠴᠢᠯᠠᠯᠳᠠ ᠨᠡᠬᠡᠬᠡᠯᠳᠠ ᠶᠢ ᠬᠦᠨᠵᠡᠬᠡᠢ ᠠᠬᠢᠭᠤᠯᠵᠤ ᠂ ᠦᠬᠡᠷᠡᠴᠢᠯᠠᠯᠳᠠ ᠨᠡᠬᠡᠬᠡᠯᠳᠠ ᠶᠢᠨ ᠠᠬᠢᠭᠤᠯᠤᠬᠴᠢ ᠪᠤᠯᠬᠤ ᠪᠠᠷ ᠪᠠᠷᠠᠬᠤ ᠦᠬᠡᠢ᠂ ᠪᠠᠰᠠ ᠦᠬᠡᠷᠡᠴᠢᠯᠠᠯᠳᠠ ᠨᠡᠬᠡᠬᠡᠯᠳᠠ ᠶᠢᠨ ᠪᠤᠳᠠᠳᠤ ᠠᠵᠢᠯᠯᠠᠬᠴᠢ ᠪᠤᠯᠬᠤ ᠭᠡᠷᠡᠭᠳᠠᠢ᠃ ᠡᠨᠡ ᠨᠢ ᠶᠠᠬ ᠮᠠᠨ ᠤ ᠡᠨᠡ ᠨᠢᠬᠡ ᠦᠶ᠎ᠠ ᠶᠢᠨ ᠬᠦᠮᠤᠰ ᠤᠨ ᠲᠡᠤᠬᠡᠳᠤ ᠡᠬᠦᠷᠬᠡ ᠪᠤᠯᠤᠨ ᠬᠢᠵᠠᠭᠠᠯᠠᠰᠢ ᠦᠬᠡᠢ ᠦᠩᠬᠡ ᠬᠡᠷᠡᠯ ᠪᠤᠯᠤᠨ᠎ᠠ᠃      40 ᠵᠢᠯ ᠤᠨ ᠶᠡᠭᠡ ᠲᠠᠪᠠᠯᠭᠠᠨ ᠳᠤ᠂ ᠡᠳᠤᠷ ᠪᠦᠷᠢ ᠴᠤ᠋ ᠰᠢᠨ᠎ᠠ ᠭᠠᠷᠤᠭ᠎ᠠ ᠪᠤᠯᠤᠨ᠎ᠠ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠬ ᠢ ᠦᠨᠳᠤᠷ ᠮᠠᠨᠳᠤᠭᠤᠯᠵᠤ᠂ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠦᠬᠡᠷᠡᠴᠢᠯᠠᠯᠳᠠ ᠨᠡᠬᠡᠬᠡᠯᠳᠠ ᠶᠢ ᠡᠴᠤᠰ ᠲᠤᠨᠢ ᠲᠤᠯᠳᠠᠯ᠎ᠠ ᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠬᠡᠢ ᠪᠡᠶᠡᠯᠡᠬᠦᠯᠵᠤ᠂ ᠰᠢᠨ᠎ᠠ ᠴᠠᠬ ᠦᠶ᠎ᠠ ᠳᠤ ᠳᠤᠮᠳᠠᠳᠤ ᠶᠢᠨ ᠦᠨᠳᠤᠰᠤᠳᠠᠨ ᠤ ᠰᠢᠨ᠎ᠠ ᠨᠡᠩ ᠶᠡᠭᠡ ᠭᠠᠶᠢᠬᠠᠮᠰᠢᠬ ᠢ ᠡᠬᠦᠳᠤᠶ᠎ᠠ︕ ᠲᠡᠯᠡᠬᠡᠢ ᠳ᠋ᠡᠬᠢᠨ ᠳᠤ ᠭᠠᠶᠢᠬᠠᠬᠳᠠᠭᠰᠠᠠ ᠨᠡᠩ ᠶᠡᠭᠡ ᠭᠠᠶᠢᠬᠠᠮᠰᠢᠬ ᠢ ᠡᠬᠦᠳᠤᠶ᠎ᠠ︕                                                   ︵ᠰᠢᠨᠬᠤᠸᠠ ᠬᠤᠷᠢᠶᠠᠨ ᠤ ᠪᠡᠬᠡᠵᠢᠩ ᠤᠨ 12 ᠰᠠᠷ᠎ᠠ ᠶᠢᠨ 25 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号