ᠬᠤᠰᠢᠭᠤ ᠬᠢᠨᠠᠨ ᠪᠤᠳᠤᠬᠤ ᠳᠤᠪᠴᠢᠶ᠎ᠠ ᠬᠢᠨᠠᠨ ᠪᠤᠳᠤᠭᠰᠠᠨ ᠪᠠᠶᠢᠳᠠᠯ ᠢ ᠨᠠᠷᠢᠨ ᠬᠢᠨᠠᠮᠠᠭᠠᠢ ᠲᠤᠭᠤᠷᠪᠢᠨ ᠪᠢᠴᠢᠵᠤ ᠤᠳᠤᠷᠢᠳᠤᠯᠭ᠎ᠠ ᠶᠢᠨ ᠰᠢᠢᠳᠪᠤᠷᠢᠲᠤ ᠪᠤᠳᠤᠯᠭᠠᠨ ᠳᠤ ᠦᠢᠯᠡᠴᠢᠯᠡᠵᠤ ᠪᠤᠢ
ᠨᠡᠶᠢᠲᠡᠯᠡᠭᠰᠡᠨ ᠴᠠᠭ᠄
2018-12-28
      ᠬᠤᠰᠢᠭᠤ ᠬᠢᠨᠠᠨ ᠪᠤᠳᠤᠬᠤ ᠳᠤᠪᠴᠢᠶ᠎ᠠ ᠪᠥᠬᠦ ᠲᠠᠯ᠎ᠠ ᠪᠠᠷ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ ︽ᠤᠭ ᠰᠠᠨᠠᠭ᠎ᠠ ᠪᠠᠨ ᠥᠯᠦ ᠮᠠᠷᠲᠠᠨ ᠠᠷᠠᠳ ᠤᠨ ᠲᠥᠯᠦᠭᠡ ᠬᠢᠨᠠᠯᠲᠠ ᠬᠢᠭᠦ︾ ᠬᠢᠨᠠᠨ ᠪᠤᠳᠤᠬᠤ ᠤᠶᠢᠯᠠᠭᠠᠭᠳᠠᠬᠤᠨ ᠢ ᠪᠤᠳᠠᠲᠠᠢ ᠬᠡᠷᠡᠭᠵᠢᠭᠦᠯᠵᠤ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠦᠢᠯᠡᠳᠤᠯᠭᠡᠵᠢᠭᠦᠯᠦᠨ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃      ᠡᠨᠡ ᠵᠢᠯ ᠠᠴᠠ ᠨᠠᠰᠢ ᠬᠤᠰᠢᠭᠤ ᠬᠢᠨᠠᠨ ᠪᠤᠳᠤᠬᠤ ᠲᠣᠪᠴᠢᠶ᠎ᠠ ︽ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠯᠠᠯᠳᠣᠭᠠᠨ︾ ᠤ ᠠᠵᠢᠯ ᠤᠨ ᠬᠢᠨᠠᠨ ᠪᠤᠳᠤᠯᠲᠠ ᠪᠠ ᠪᠤᠰᠤᠳ ᠡᠯ᠎ᠠ ᠲᠦᠷᠤᠯ ᠤᠨ ᠬᠢᠨᠠᠨ ᠪᠣᠳᠣᠯᠲᠠ ᠳᠤᠮᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠢᠨᠠᠨ ᠪᠣᠳᠣᠭᠰᠠᠨ ᠪᠠᠶᠢᠳᠠᠯ ᠢ 9 ᠬᠤᠪᠢ ᠮᠡᠳᠡᠭᠦᠯᠵᠤ᠂ 6 ᠬᠤᠪᠢ ᠨᠢ ᠴᠣᠬᠤᠯᠠᠪᠣᠷᠢ ᠶᠢ ᠤᠯᠵᠤ ᠵᠠᠷᠢᠮ ᠨᠢ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ ᠶᠢᠨ ᠰᠣᠷᠣᠯᠴᠠᠬᠤ ᠠᠭᠤᠯᠭ᠎ᠠ ᠪᠣᠯᠵᠤ᠂ ᠠᠰᠠᠭᠤᠳᠠᠯ ᠢ ᠢᠯᠡᠷᠡᠭᠦᠯᠬᠦ᠂ ᠰᠠᠨᠠᠭᠤᠯᠭ᠎ᠠ ᠲᠤᠷᠠᠳᠬᠤ ᠪᠠ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠤᠭᠰᠠᠨ ᠪᠠᠶᠢᠨ᠎ᠠ᠃      ︽ᠬᠢᠨᠠᠨ ᠪᠤᠳᠤᠭᠰᠠᠨ ᠪᠠᠶᠢᠳᠠᠯ︾ ᠨᠢ ᠬᠢᠨᠠᠨ ᠪᠣᠳᠣᠯᠲᠠ ᠶᠢᠨ ᠦᠷ᠎ᠡ ᠪᠦᠳᠣᠭᠡᠯ ᠢ ᠬᠡᠷᠡᠭᠵᠢᠭᠦᠯᠬᠦ ᠳᠠᠪᠬᠤᠷᠭ᠎ᠠ ᠪᠠ ᠬᠢᠷᠢ ᠬᠡᠮ ᠢ ᠳᠡᠭᠡᠭᠰᠢᠯᠡᠭᠦᠯᠬᠦ ᠶᠢᠨ ᠬᠠᠮᠲᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠤ ᠰᠢᠨᠵᠢᠯᠡᠬᠦ ᠤᠬᠠᠭᠠᠨᠴᠢ ᠪᠠᠷ ᠰᠢᠢᠳᠪᠣᠷᠢᠲᠤ ᠪᠣᠳᠣᠯᠭ᠎ᠠ ᠲᠤᠭᠲᠠᠭᠠᠬᠤ ᠪᠠ ᠵᠦᠪᠯᠡᠬᠦ ᠠᠵᠢᠯᠯᠠᠭ᠎ᠠ ᠳᠤ ᠤᠶᠢᠯᠡᠴᠢᠯᠡᠵᠤ ᠳᠤᠰᠠᠯᠠᠬᠤ ᠬᠦᠴᠤᠨ ᠪᠤᠯᠵᠤ ᠪᠠᠶᠢᠨ᠎ᠠ᠃
 
ᠢᠷᠡᠯᠲᠡ᠄ ᠥᠥᠰᠢᠨ ᠬᠤᠰᠢᠭᠤᠨ ᠤ ᠬᠢᠨᠠᠨ ᠪᠤᠳᠤᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号