ᠣᠬᠠᠭᠠᠨ ᠰᠠᠷᠠᠭᠤᠯ ᠪᠤᠯ ᠵᠠᠶᠠᠭ᠎ᠠ ᠲᠡᠭᠰᠢ
ᠨᠡᠶᠢᠲᠡᠯᠡᠭᠰᠡᠨ ᠴᠠᠭ᠄
2018-12-29
     ᠲᠦᠴᠢᠨ ᠵᠢᠯ ᠤᠨ ᠡᠮᠦᠨᠡᠬᠢ ᠬᠦᠳᠡᠭᠡ ᠨᠤᠳᠤᠭ ᠤᠨ ᠬᠦᠭᠵᠢᠯᠳᠡ ᠶᠢ ᠦᠨᠦᠳᠦᠷ ᠲᠦᠰᠦᠬᠡᠯᠡᠬᠦ ᠠᠷᠭ᠎ᠠ ᠦᠬᠡᠢ ᠴᠤ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠭᠰᠠᠨ ᠲᠦᠴᠢᠨ ᠵᠢᠯ ᠤᠨ ᠲᠠᠷᠠᠭᠠᠬᠢ ᠦᠨᠦᠳᠦᠷ ᠤᠨ ᠬᠦᠳᠡᠭᠡ ᠨᠤᠳᠤᠭ ᠬᠦᠮᠦᠰ ᠤᠨ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠬᠢᠯᠠᠮᠵᠠᠮ᠎ᠠ ᠠᠮᠵᠢᠯᠳᠠ ᠶᠢ ᠪᠢᠴᠢᠭᠯᠡᠵᠦ᠂ ᠲᠦᠷᠦ ᠶᠢᠨ ᠪᠤᠳᠤᠯᠭ᠎ᠠ ᠶᠢᠨ ᠲᠤᠶᠠᠭᠠᠷᠠᠯ ᠢ ᠲᠦᠮᠡᠨ ᠤ ᠰᠡᠳᠬᠢᠯ ᠳᠤ ᠬᠦᠷᠬᠡᠨ᠎ᠡ᠃ ᠡᠨᠡ ᠨᠢ ᠮᠦᠨ ᠴᠦ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠪᠠᠷ ᠮᠠᠯᠴᠢᠳ ᠤᠨ ᠦᠵᠡᠯᠳᠡ ᠲᠠᠨᠢᠯᠳᠠ ᠤᠷᠢᠳ ᠡᠮᠦᠨ᠎ᠡ ᠭᠠᠷᠤᠭ᠎ᠠ ᠦᠬᠡᠢ ᠰᠢᠨᠡᠴᠢᠯᠡᠭᠳᠡᠭᠰᠡᠨ ᠲᠠᠢ ᠨᠢᠭᠳᠠ ᠬᠤᠯᠪᠤᠭ᠎ᠠ ᠲᠠᠢ ᠶᠤᠮ᠃ ᠮᠠᠯᠴᠢᠨ ᠰᠤᠶᠤᠯᠮᠠᠨᠳᠤᠬᠤ ᠪᠤᠯ ᠲᠠᠷᠤᠢ ᠦᠵᠡᠯᠳᠡ ᠲᠠᠨᠢᠯᠳᠠ ᠪᠠᠨ ᠵᠤᠷᠢᠭᠳᠠᠢ ᠦᠬᠡᠷᠡᠴᠢᠯᠡᠭᠰᠡᠨ ᠮᠠᠯᠴᠢᠳ ᠤᠨ ᠨᠢᠭᠡ ᠪᠤᠯᠤᠨ᠎ᠠ᠃      ᠤᠯᠠᠭᠠᠨᠳᠤᠯᠤᠭᠠᠢ ᠪᠠᠯᠭᠠᠰᠤᠨ ᠳᠤ ᠪᠠᠶᠢᠭ᠎ᠠ ︽ᠤᠩᠭᠤᠨ ᠲᠠᠯ᠎ᠠ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ︾ ᠡᠳᠦᠷ ᠪᠤᠯᠭᠠᠨ ᠮᠢᠬᠠᠨ ᠤ ᠵᠠᠬᠢᠶᠠᠯᠠᠭ᠎ᠠ ᠪᠠᠨ ᠬᠠᠩᠭᠠᠭᠠᠳ ᠶᠠᠭᠠᠷᠠᠯᠳᠤᠵᠤ ᠪᠠᠶᠢᠳᠠᠭ᠃ ᠮᠠᠩᠵᠠᠨ ᠲᠤᠭᠤᠭ᠎ᠠ ᠬᠠᠭᠠᠷᠠᠵᠤ ᠪᠡᠯᠴᠢᠬᠡᠷ ᠨᠤᠳᠤᠭ ᠢ ᠡᠷᠦᠬᠡ ᠳᠤ ᠲᠠᠭᠠᠭᠠᠴᠢᠯᠠᠭᠤᠯᠬᠤ ᠦᠶ᠎ᠡ ᠳᠤ ᠲᠤᠰ ᠬᠤᠷᠰᠢᠶᠠᠵᠢᠯ ᠤᠨ ᠬᠠᠷᠢᠭᠤᠴᠠᠯᠭᠠᠳᠠᠨ ᠰᠤᠶᠤᠯᠮᠠᠨᠳᠤᠬᠤ ᠴᠤ ᠠᠯᠢ ᠤᠯᠠᠨ ᠮᠠᠯᠴᠢᠨ ᠡᠷᠦᠬᠡ ᠲᠠᠢ ᠠᠳᠠᠯᠢᠬᠠᠨ ᠢᠶᠠᠷ ᠥᠪᠡᠷ ᠤᠨ ᠢᠶᠠᠨ ᠳᠠᠭᠠᠭᠠᠴᠢᠯᠠᠭᠰᠠᠨ ᠪᠡᠯᠴᠢᠬᠡᠷ ᠲᠡᠭᠡᠷ᠎ᠡ ᠪᠠᠨ ᠮᠠᠯ ᠠᠵᠤ ᠠᠬᠤᠢ ᠪᠠᠨ ᠡᠵᠡᠩᠨᠡᠭᠰᠡᠬᠡᠷ ᠪᠠᠶᠢᠵᠠᠢ᠃ ᠤᠯᠤᠰ ᠤᠨ  ᠦᠬᠡᠷᠡᠴᠢᠯᠡᠯᠳᠡ ᠨᠡᠬᠡᠬᠡᠯᠳᠡ ᠶᠢᠨ ᠲᠦᠷᠦ ᠶᠢᠨ ᠪᠤᠳᠥᠯᠭ᠎ᠠ ᠤᠷᠤᠨ ᠨᠤᠳᠤᠭ ᠲᠤ ᠠᠭᠠᠵᠢᠮ ᠢᠶᠠᠷ ᠬᠦᠨᠵᠡᠬᠡᠶᠢᠷᠡᠬᠦ ᠶᠢ ᠲᠠᠭᠠᠯᠳᠤᠨ ᠰᠤᠶᠤᠯᠮᠠᠨᠳᠤᠬᠤ ᠶᠢᠨ ᠦᠵᠡᠯᠳᠡ ᠲᠠᠨᠢᠯᠳᠠ ᠴᠤ ᠶᠡᠬᠡᠬᠡᠨ ᠬᠤᠪᠢᠷᠠᠯᠳᠠ ᠭᠠᠷᠪᠠ᠃      2013 ᠤᠨ ᠳᠤ ᠰᠤᠶᠤᠯᠮᠠᠨᠳᠤᠬᠤ ᠭᠠᠴᠠᠭᠠᠨ ᠤ ᠪᠠᠨ 33 ᠡᠷᠦᠬᠡ ᠲᠠᠢ ᠬᠠᠮᠳᠤᠷᠠᠵᠤ ︽ᠤᠩᠭᠤᠨ ᠲᠠᠯ᠎ᠠ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ︾ ᠢ ᠪᠠᠶᠢᠭᠤᠯᠵᠤ᠂ ᠤᠷᠤᠨ ᠪᠠᠶᠢᠷᠢᠰᠢᠯ᠂ ᠮᠠᠯ ᠠᠵᠤ ᠠᠬᠤᠢ ᠶᠢᠨ ᠡᠬᠢ ᠪᠠᠶᠠᠯᠢᠭ ᠵᠡᠷᠬᠡ ᠲᠠᠪᠠᠭᠤᠯᠢᠭ ᠲᠠᠭᠠᠨ ᠲᠦᠰᠢᠭᠯᠡᠨ ᠬᠤᠷᠰᠢᠶᠠᠵᠢᠯ ᠤᠨ ᠬᠡᠰᠢᠬᠦᠳ ᠤᠨ ᠢᠶᠠᠨ ᠡᠪᠡᠰᠦ ᠪᠡᠯᠴᠢᠬᠡᠷ ᠢ ᠨᠡᠶᠢᠯᠡᠬᠦᠯᠬᠦ᠂ ᠮᠠᠯ ᠰᠦᠷᠦᠭ ᠤᠨ ᠪᠦᠳᠦᠴᠡ ᠶᠢ ᠰᠢᠯᠢᠳᠡᠭᠵᠢᠬᠦᠯᠬᠦ ᠵᠡᠷᠬᠡ ᠠᠷᠭ᠎ᠠ ᠬᠡᠯᠪᠡᠷᠢ ᠪᠠᠷ ᠤᠷᠳᠤᠰ ᠨᠠᠷᠢᠨ  ᠨᠤᠤᠰᠤᠳᠤ ᠬᠤᠨᠢ᠂ ᠮᠢᠬᠠᠨ ᠤ ᠦᠬᠡᠷ ᠤᠨ ᠲᠡᠵᠢᠬᠡᠨ ᠦᠷᠡᠵᠢᠬᠦᠯᠬᠦ ᠦᠢᠯᠡᠰ ᠢ ᠬᠦᠭᠵᠢᠬᠦᠯᠤᠨ ᠬᠤᠷᠰᠢᠶᠠᠵᠢᠯ ᠤᠨ ᠵᠠᠮ ᠢᠶᠠᠷ ᠬᠠᠮᠳᠤ ᠪᠠᠷ ᠵᠠᠮᠨᠠᠵᠠᠢ᠃ ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠮᠠᠯᠴᠢᠨ ᠮᠦᠩᠬᠡᠨᠠᠰᠤᠨ ᠪᠤᠯ ᠲᠤᠰ ᠬᠤᠷᠰᠢᠶᠠᠵᠢᠯ ᠤᠨ ᠬᠡᠰᠢᠬᠦᠨ ᠶᠤᠮ᠃ ᠡᠳᠡᠨ ᠤ ᠬᠢᠨ ᠤᠳᠣ 300 ᠭᠠᠷᠤᠢ ᠤᠷᠳᠤᠰ ᠤᠨ ᠨᠠᠷᠢᠨ ᠨᠤᠤᠰᠤᠳᠤ ᠬᠤᠨᠢ ᠮᠠᠯᠵᠢᠵᠤ ᠵᠢᠯ ᠳᠡᠭᠡᠨ ᠬᠤᠷᠰᠢᠶᠠᠵᠢᠯ ᠢᠶᠠᠷ ᠢᠶᠠᠨ ᠲᠠᠮᠵᠢᠨ 160 ᠭᠠᠷᠤᠢ ᠬᠤᠨᠢ ᠪᠤᠷᠤᠯᠠᠭᠤᠯᠵᠤ 10 ᠲᠦᠮᠡᠨ ᠲᠦᠭᠦᠷᠢᠭ ᠤᠨ ᠤᠷᠤᠯᠭ᠎ᠠ ᠤᠯᠳᠠᠭ᠃ ᠬᠤᠷᠰᠢᠶᠠᠵᠢᠯ ᠤᠨ ᠬᠡᠰᠢᠬᠦᠳ ᠤᠨ ᠤᠷᠤᠯᠭ᠎ᠠ ᠶᠢᠨ ᠨᠡᠮᠡᠭᠳᠡᠯ ᠨᠢ ᠬᠠᠮᠳᠤ ᠶᠢᠨ ᠦᠵᠡᠯᠳᠡ ᠲᠠᠨᠢᠯᠳᠠ ᠶᠢᠨ ᠰᠢᠨᠡᠴᠢᠯᠡᠯᠲᠡ ᠬᠤᠪᠢᠷᠠᠯᠳᠠ ᠠᠴᠠ ᠰᠠᠯᠵᠤ ᠴᠢᠳᠠᠬᠤ ᠦᠬᠡᠢ ᠶᠤᠮ᠃ ᠲᠡᠳᠡ ᠰᠤᠶᠤᠯᠮᠠᠨᠳᠤᠬᠤ ᠶᠢᠨ ᠲᠠᠶᠢᠴᠢᠯᠠᠭ᠎ᠠ ᠪᠠᠷ ᠲᠦᠷᠦ ᠶᠢᠨ ᠪᠤᠳᠤᠯᠭ᠎ᠠ ᠶᠢᠨ ᠲᠡᠮᠵᠢᠯᠬᠡ ᠶᠢ ᠢᠳᠡᠪᠬᠢᠳᠡᠢ ᠭᠤᠶᠤᠴᠢᠯᠠᠵᠤ ᠲᠠᠷᠢᠵᠤ ᠲᠡᠵᠢᠬᠡᠬᠦ ᠰᠠᠭᠤᠷᠢ ᠲᠦᠬᠦᠬᠡᠷᠦᠮᠵᠢ᠂ ᠡᠪᠡᠰᠦ ᠪᠤᠷᠳᠤᠭᠠᠨ ᠤ ᠰᠠᠭᠤᠷᠢᠨ ᠭᠠᠵᠠᠷ ᠵᠡᠷᠬᠡ ᠪᠠᠨ ᠪᠦᠷᠢᠨᠰᠢᠬᠦᠯᠵᠦ ᠴᠢᠨᠠᠷᠯᠢᠭ ᠬᠦᠭᠵᠢᠯᠳᠡ ᠳᠡᠭᠡᠨ ᠪᠠᠳᠤᠯᠠᠭ᠎ᠠ ᠬᠠᠩᠭᠠᠵᠠᠢ᠃ 2016  ᠤᠨ ᠳᠤ ᠬᠤᠷᠰᠢᠶᠠᠵᠢᠯ ᠤᠨ ᠬᠢᠨ ᠮᠢᠬᠠᠨ ᠪᠦᠳᠦᠬᠡᠭᠳᠡᠬᠦᠨ ᠢ ᠬᠦᠨᠵᠡᠬᠡᠢ ᠪᠤᠯᠪᠠᠰᠤᠷᠠᠭᠤᠯᠬᠤ ᠦᠢᠯᠡᠳᠪᠤᠷᠢ᠂ ᠮᠢᠬ᠎ᠠ ᠬᠦᠯᠳᠡᠬᠡᠬᠦ ᠬᠦᠮᠦᠷᠬᠡ ᠵᠡᠷᠬᠡ ᠪᠠᠨ ᠲᠦᠬᠦᠷᠵᠢᠬᠦᠯᠵᠦ ᠵᠠᠬ᠎ᠠ ᠲᠡᠯᠬᠡᠬᠦᠷ ᠤᠨ ᠪᠤᠷᠤᠯᠠᠭᠤᠯᠤᠯᠳᠠ ᠳᠠᠭᠠᠨ ᠨᠦᠬᠦᠴᠡᠯ ᠪᠦᠷᠢᠯᠳᠦᠬᠦᠯᠬᠦ ᠶᠢᠨ ᠬᠠᠮᠳᠤ ᠪᠤᠷᠤᠯᠠᠭᠤᠯᠭ᠎ᠠ ᠪᠠᠨ ᠤᠯᠠᠮ ᠰᠢᠯᠤᠭᠤᠳᠬᠠᠬᠤ ᠪᠠᠷ ᠰᠢᠨ᠎ᠡ ᠮᠠᠶ᠋ᠢᠭ ᠤᠨ ᠬᠤᠳᠠᠯᠳᠤᠭᠠᠨ ᠤ ᠠᠷᠭ᠎ᠠ ᠬᠡᠯᠪᠡᠷᠢ ᠪᠤᠯᠬᠤ ᠡᠯᠧᠺᠲᠷᠤᠨ ᠬᠤᠳᠠᠯᠳᠤᠭ᠎ᠠ ᠵᠡᠷᠬᠡ ᠶᠢ ᠢᠳᠡᠪᠬᠢᠳᠡᠢ ᠰᠦᠪᠡᠭᠴᠢᠯᠡᠪᠠ᠃ ᠡᠬᠦᠨ ᠤ ᠬᠠᠮᠳᠤ ᠰᠤᠶᠤᠯᠮᠠᠨᠳᠤᠬᠤ ᠪᠠᠰᠠ ︽ᠨᠠᠮ ᠤᠨ ᠡᠭᠦᠷ + ᠬᠤᠷᠰᠢᠶᠠᠵᠢᠯ + ᠮᠠᠯᠴᠢᠨ ᠡᠷᠦᠬᠡ︾ ᠶᠢᠨ ᠬᠦᠭᠵᠢᠯᠳᠡ ᠶᠢᠨ ᠬᠡᠪ ᠵᠠᠭᠪᠤᠷ ᠢ ᠬᠤᠷᠰᠢᠶᠠᠵᠢᠯ ᠳᠠᠭᠠᠨ ᠦᠢᠯᠡᠴᠢᠯᠡᠬᠦᠯᠵᠦ ᠨᠠᠮ ᠤᠨ ᠬᠡᠰᠢᠬᠦᠳ ᠤᠨ ᠲᠠᠶᠢᠴᠢᠯᠠᠨ ᠲᠠᠭᠠᠭᠤᠯᠬᠤ ᠦᠢᠯᠡᠳᠦᠯ ᠢ ᠪᠠᠳᠠᠷᠠᠭᠤᠯᠵᠤ ᠴᠢᠨᠠᠭᠰᠢᠯᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠤ  ᠬᠦᠴᠦᠨ ᠨᠠᠮᠠᠷᠢᠯᠠᠵᠤ ᠴᠢᠳᠠᠵᠠᠢ᠃      ᠲᠤᠰ ᠬᠤᠷᠰᠢᠶᠠᠵᠢᠯ ᠤᠨ ᠡᠪᠡᠰᠤ ᠪᠤᠷᠳᠤᠭᠠᠨ ᠤ ᠬᠦᠮᠦᠷᠬᠡ ᠬᠡᠷᠡᠭᠯᠡᠯᠳᠡ ᠳᠤ ᠤᠷᠤᠭᠰᠠᠨ ᠤ ᠰᠡᠬᠦᠯᠡᠷ ᠡᠪᠡᠰᠦ ᠪᠤᠷᠳᠤᠭ᠎ᠠ ᠬᠦᠷᠦᠯᠴᠡᠬᠦ ᠦᠬᠡᠢ ᠡᠷᠦᠬᠡ ᠳᠤ ᠡᠪᠡᠰᠦ ᠪᠤᠷᠳᠤᠭ᠎ᠠ ᠶᠢ ᠤᠷᠢᠳᠴᠢᠯᠠᠨ ᠬᠠᠩᠭᠠᠬᠤ᠂ ᠲᠡᠵᠢᠬᠡᠯ ᠪᠤᠷᠳᠤᠭ᠎ᠠ ᠶᠢ ᠨᠢᠬᠡᠳᠦᠯᠳᠡᠢ ᠬᠠᠮᠢᠶᠠᠷᠬᠤ ᠵᠡᠷᠬᠡ ᠶᠢ ᠪᠡᠶᠡᠯᠡᠬᠦᠯᠵᠦ ᠮᠢᠬᠠᠨ ᠤ ᠴᠤᠯ ᠪᠠᠶᠢᠭᠠᠯᠢᠯᠢᠭ ᠪᠤᠬᠢᠷᠳᠤᠯ ᠦᠬᠡᠢ ᠪᠠᠶᠢᠬᠤ ᠶᠢ ᠪᠠᠳᠤᠯᠠᠨ᠎ᠠ᠃ ᠬᠤᠶᠢᠰᠢᠳᠠ ᠦᠷᠬᠦᠯᠵᠢᠯᠡᠨ ︽ᠬᠡᠪᠴᠢᠶᠡᠵᠢᠭᠰᠡᠨ ᠲᠡᠵᠢᠬᠡᠨ ᠦᠷᠡᠵᠢᠬᠦᠯᠬᠦ᠂ ᠨᠠᠷᠢᠯᠢᠭᠵᠢᠭᠤᠯᠤᠨ ᠪᠤᠯᠪᠠᠰᠤᠷᠠᠭᠤᠯᠬᠤ᠂ ᠦᠢᠯᠡᠳᠬᠦ ᠪᠤᠷᠤᠯᠠᠭᠤᠯᠬᠤ ᠶᠢ ᠵᠤᠬᠢᠴᠠᠭᠤᠯᠬᠤ︾ ᠬᠦᠭᠵᠢᠯᠳᠡ ᠶᠢᠨ ᠵᠠᠮ ᠢᠶᠠᠷ ᠵᠠᠮᠨᠠᠨ᠎ᠠ ᠬᠡᠵᠦ ᠰᠤᠶᠤᠯᠮᠠᠨᠳᠤᠬᠤ ᠢᠳᠡᠬᠡᠯ ᠲᠦᠬᠦᠷᠡᠩ ᠪᠠᠶᠢᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号