ᠳᠠᠩᠰᠠ ᠡᠪᠬᠡᠮᠡᠯ ᠤᠨ ᠠᠵᠢᠯ ᠤᠨ ᠰᠢᠨᠵᠢᠯᠡᠬᠦ ᠤᠬᠠᠭᠠᠨᠴᠢ᠂ ᠲᠥᠷᠢᠮᠵᠢᠭᠦᠨ ᠪᠣᠯᠣᠨ ᠣᠳᠣᠬᠢᠴᠢᠯᠠᠯᠲᠠ ᠶᠢᠨ | ᠬᠢᠷᠢ ᠳᠦᠪᠰᠢᠨ ᠢ ᠳᠡᠭᠡᠭᠰᠢᠯᠡᠭᠦᠯᠵᠦ ᠳᠠᠩᠰᠠ ᠡᠪᠬᠡᠮᠡᠯ ᠤᠨ ᠮᠠᠲ᠋ᠧᠷᠢᠶᠠᠯ ᠤᠨ ᠨᠡᠭᠡᠭᠡᠨ ᠠᠰᠢᠭᠯᠠᠯᠲᠠ ᠶᠢᠨ ᠦᠨ᠎ᠡ | ᠦᠷᠲᠡᠭ ᠢ ᠭᠦᠢᠴᠡᠳ ᠪᠠᠳᠠᠷᠠᠭᠤᠯᠬᠤ ᠶᠢᠨ ᠲᠦᠯᠦᠭᠡ ᠬᠤᠰᠢᠭᠤ ᠬᠢᠨᠠᠨ ᠪᠣᠳᠣᠬᠤ ᠲᠣᠪᠴᠢᠶ᠎ᠠ ᠦᠪᠡᠷᠳᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ | ᠶᠤᠰᠤᠭᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠦᠪᠡᠷ ᠤᠨ ᠠᠵᠢᠯ ᠤᠨ ᠬᠡᠷᠡᠭᠴᠡᠭᠡ᠂ | ᠬᠤᠯᠪᠣᠭᠳᠠᠯ ᠪᠦᠬᠦᠢ ᠠᠵᠢᠯ ᠤᠨ ᠲᠦᠯᠤᠪᠯᠡᠭᠡ ᠶᠢ ᠦᠨᠳᠤᠰᠤᠯᠡᠵᠤ ᠪᠦᠬᠦ ᠲᠠᠯ᠎ᠠ ᠪᠠᠷ ᠳᠡᠰ ᠳᠠᠪᠰᠢᠭᠦᠯᠵᠤ | ᠦᠭᠡᠷᠡᠴᠢᠯᠡᠯᠲᠠ ᠬᠢᠬᠦ ᠠᠵᠢᠯ ᠢᠶᠠᠨ ᠡᠷᠴᠢᠮᠲᠠᠢ ᠶᠠᠪᠣᠭᠳᠠᠭᠤᠯᠵᠤ ᠪᠠᠶᠢᠨ᠎ᠠ᠃ | ᠪᠠᠶᠢᠭᠤᠯᠭ᠎ᠠ ᠶᠢᠨ ᠳᠠᠩᠰᠠ ᠡᠪᠬᠡᠮᠠᠯ ᠤᠨ ᠠᠵᠢᠯ ᠤᠨ ᠦᠨᠳᠣᠰᠤᠨ ᠨᠦᠬᠦᠴᠡᠯ ᠤᠨ ᠪᠠᠲᠤᠯᠠᠭ᠎ᠠ ᠶᠢᠨ ᠲᠠᠯ᠎ᠠ | ᠪᠠᠷ ᠭᠤᠤᠯᠯᠠᠨ ᠬᠠᠮᠢᠶᠠᠷᠬᠤ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠶᠢ ᠲᠤᠳᠤᠷᠬᠠᠶᠢᠯᠠᠨ ᠤᠷᠲᠤ | ᠬᠤᠭᠤᠴᠠᠭᠠᠨ ᠤ ᠠᠵᠢᠯ ᠤᠨ ᠲᠦᠯᠤᠪᠵᠢᠭᠦᠯᠭᠡ ᠪᠣᠯᠣᠨ ᠲᠦᠯᠤᠪᠯᠡᠭᠡ ᠶᠢ ᠲᠤᠭᠲᠠᠭᠠᠵᠦ ᠳᠠᠩᠰᠠ ᠡᠪᠬᠡᠮᠠᠯ ᠤᠨ | ᠪᠠᠶᠢᠭᠤᠯᠤᠮᠵᠢ ᠶᠢ ᠪᠦᠷᠢᠨᠰᠢᠭᠦᠯᠦᠨ ᠠᠵᠢᠯ ᠤᠨ ᠵᠣᠬᠢᠴᠠᠩᠭᠤᠢ ᠲᠣᠰᠢᠶᠠᠯ ᠬᠠᠷᠢᠭᠤᠴᠠᠯᠭ᠎ᠠ ᠶᠢ ᠲᠡᠭᠦᠯᠳᠡᠷᠵᠢᠭᠦᠯᠵᠤ | ᠳᠠᠩᠰᠠ ᠡᠪᠬᠡᠮᠡᠯ ᠤᠨ ᠲᠤᠰᠬᠠᠢ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠯ ᠳᠤ ᠲᠤᠰᠬᠠᠢ ᠬᠦᠮᠣᠨ ᠢ ᠲᠤᠮᠢᠯᠠᠨ | ᠰᠣᠷᠣᠯᠴᠠᠭᠤᠯᠪᠠ᠃ ᠤᠯᠤᠰ ᠪᠠ ᠦᠪᠡᠷᠳᠡᠭᠡᠨ ᠵᠠᠰᠠᠬᠤ ᠣᠷᠣᠨ ᠤ ᠠᠵᠢᠯ ᠲᠦᠷᠦᠯ ᠤᠨ ᠪᠠᠷᠢᠮᠵᠢᠶ᠎ᠠ ᠶᠤᠰᠤᠭᠠᠷ | ᠳᠠᠩᠰᠠ ᠡᠪᠬᠡᠮᠡᠯ ᠤᠨ ᠲᠠᠰᠤᠭ᠂ ᠤᠡᠭᠰᠢᠯᠭ᠎ᠠ ᠶᠢᠨ ᠳᠠᠰᠤᠭ ᠢ ᠦᠭᠡᠷᠡᠴᠢᠯᠡᠨ ᠵᠠᠰᠠᠵᠦ ᠺᠣᠮᠫᠢᠦ᠋ᠲ᠋ᠧᠷ᠂ ᠰᠢᠷᠪᠢᠭᠦᠷ | ᠮᠠᠰᠢᠨ᠂ ᠬᠡᠪᠯᠡᠵᠤ ᠰᠢᠷᠪᠢᠬᠦ ᠮᠠᠰᠢᠨ᠂ ᠠᠷᠢᠭᠤᠳᠬᠠᠬᠤ ᠬᠠᠶᠢᠷᠴᠠᠭ᠂ ᠰᠣᠷᠢᠨᠵᠢᠨ ᠢ ᠰᠡᠷᠭᠡᠶᠢᠯᠡᠬᠦ ᠬᠠᠶᠢᠷᠴᠠᠭ᠂ | ᠲᠤᠯᠠᠭᠠᠴᠠ ᠴᠢᠭᠢᠭᠳᠡᠴᠡ ᠶᠢᠨ ᠬᠡᠮᠵᠢᠭᠦᠷ ᠵᠡᠷᠭᠡ ᠲᠦᠬᠦᠭᠡᠷᠣᠮᠵᠢ ᠶᠢ ᠳᠤᠬᠢᠷᠠᠭᠤᠯᠪᠠ᠃ | ᠰᠠᠭᠤᠷᠢ ᠲᠣᠬᠠᠶᠢᠯᠠᠭᠰᠠᠨ ᠠᠵᠢᠯ ᠤᠨ ᠪᠦᠳᠣᠭᠡᠨ ᠪᠠᠶᠢᠭᠤᠯᠤᠯᠳᠠ ᠶᠢᠨ ᠲᠠᠯ᠎ᠠ ᠪᠠᠷ ᠪᠠᠶᠢᠭᠤᠯᠭ᠎ᠠ ᠶᠢᠨ ᠪᠢᠴᠢᠭ | ᠮᠠᠲ᠋ᠧᠷᠢᠶᠠᠯ ᠢ ᠳᠠᠩᠰᠠᠯᠠᠬᠤ ᠬᠦᠷᠢᠶ᠎ᠠ ᠬᠡᠪᠴᠢᠶ᠎ᠠ ᠂ ᠬᠠᠳᠠᠭᠠᠯᠠᠬᠤ ᠬᠤᠭᠤᠴᠠᠭ᠎ᠠ ᠪᠣᠯᠣᠨ ᠳᠠᠩᠰᠠ ᠡᠪᠬᠡᠮᠡᠯ ᠤᠨ | ᠲᠦᠷᠤᠯ ᠵᠦᠢᠯ ᠤᠨ ᠢᠯᠭᠠᠯ ᠤᠨ ᠳᠦᠰᠤᠯ ᠢ ᠳᠤᠭᠳᠠᠭᠠᠵᠤ ᠳᠠᠩᠰᠠᠨ ᠳᠤ ᠣᠷᠣᠭᠤᠯᠬᠤ ᠨᠣᠷᠮ᠎ᠠ ᠶᠢ 100% ᠳᠤ | ᠬᠦᠷᠭᠡᠵᠦ ᠲᠠᠭᠤ ᠳᠦᠷᠰᠤ᠂ ᠡᠯᠧᠺᠲᠷᠤᠨ᠂ ᠪᠣᠳᠠᠲᠤ ᠳᠠᠩᠰᠠ ᠡᠪᠬᠡᠮᠡᠯ ᠢ ᠲᠦᠷᠢᠮᠵᠢᠬᠦᠯᠦᠨ ᠡᠮᠬᠢᠳᠬᠡᠵᠦ ᠭᠠᠯ ᠤᠨ | ᠠᠶᠤᠯ ᠢ ᠰᠡᠷᠭᠡᠶᠢᠯᠡᠬᠦ᠂ ᠲᠤᠭᠤᠰᠤ ᠶᠢ ᠰᠡᠷᠭᠡᠶᠢᠯᠡᠬᠦ᠂ ᠦᠨᠳᠤᠷ ᠲᠤᠯᠠᠭᠠᠨ ᠢ ᠰᠡᠷᠭᠡᠶᠢᠯᠡᠬᠦ᠂ ᠤᠰᠤ ᠶᠢ ᠰᠡᠷᠭᠡᠶᠢᠯᠡᠬᠦ᠂ | ᠬᠤᠯᠠᠭᠠᠢ ᠠᠴᠠ ᠰᠡᠷᠭᠡᠶᠢᠯᠡᠬᠦ᠂ ᠬᠤᠤᠷᠲᠠᠢ ᠬᠡᠢ ᠠᠴᠠ ᠰᠡᠷᠭᠡᠶᠢᠯᠡᠬᠦ᠂ ᠬᠦᠨᠣᠭᠡᠯᠲᠤ ᠠᠮᠢᠳᠤ ᠪᠣᠳᠠᠰ ᠢ ᠰᠡᠷᠭᠡᠶᠢᠯᠡᠬᠦ | ᠵᠡᠷᠭᠡ ᠪᠡᠯᠡᠳᠬᠡᠯ ᠳᠦᠬᠦᠭᠡᠷᠤᠮᠵᠢ ᠶᠢ ᠨᠡᠮᠡᠵᠤ ᠪᠠᠶᠢᠭᠤᠯᠤᠭᠰᠡᠨ ᠪᠠᠶᠢᠨ᠎ᠠ᠃ ᠪᠢᠴᠢᠭ ᠮᠠᠲ᠋ᠧᠷᠢᠶᠠᠯ ᠢ ᠳᠠᠩᠰᠠᠨ ᠳᠤ | ᠣᠷᠣᠭᠤᠯᠬᠤ᠂ ᠳᠠᠩᠰᠠ ᠡᠪᠬᠡᠮᠡᠯ ᠢ ᠬᠠᠳᠠᠭᠠᠯᠠᠬᠤ᠂ ᠨᠢᠭᠤᠴᠠ ᠶᠢ ᠬᠠᠮᠠᠭᠠᠯᠠᠬᠤ᠂ ᠬᠢᠨᠠᠨ ᠲᠣᠭᠳᠠᠭᠠᠬᠤ ᠵᠡᠷᠭᠡ ᠡᠯ᠎ᠠ | ᠲᠦᠷᠦᠯ ᠤᠨ ᠠᠵᠢᠯ ᠤᠨ ᠳᠦᠷᠢᠮ ᠲᠣᠭᠳᠠᠭᠠᠯ ᠢ ᠲᠤᠭᠳᠠᠭᠠᠨ ᠭᠠᠷᠭᠠᠪᠠ᠃ | ᠳᠠᠩᠰᠠ ᠡᠪᠬᠡᠮᠡᠯ ᠤᠨ ᠡᠬᠢ ᠪᠠᠶᠠᠯᠢᠭ ᠤᠨ ᠨᠡᠭᠡᠭᠡᠨ ᠬᠦᠭᠵᠢᠬᠦᠯᠦᠯᠲᠡ ᠪᠠ ᠠᠰᠢᠭᠯᠠᠯᠲᠠ ᠶᠢᠨ ᠲᠠᠯ᠎ᠠ ᠪᠠᠷ | ᠴᠠᠭᠠᠰᠤᠨ ᠬᠡᠯᠪᠡᠷᠢ ᠶᠢᠨ ᠪᠢᠴᠢᠭ ᠮᠠᠲ᠋ᠧᠷᠢᠶᠠᠯ ᠤᠨ ᠭᠠᠷᠴᠠᠭ ᠢ ᠨᠠᠶᠢᠷᠠᠭᠤᠯᠤᠨ ᠳᠠᠩᠰᠠ ᠡᠪᠬᠡᠮᠡᠯ ᠳᠤ ᠤᠷᠤᠭᠤᠯᠤᠨ | ᠵᠣᠬᠢᠶᠠᠨ ᠪᠠᠶᠢᠭᠤᠯᠣᠯᠲᠠ ᠶᠢᠨ ᠤᠯᠠᠷᠢᠯ ᠬᠤᠪᠢᠰᠤᠯ᠂ ᠶᠡᠭᠡ ᠬᠡᠷᠡᠭ ᠣᠴᠢᠷ᠂ ᠴᠢᠬᠤᠯᠠ ᠪᠢᠴᠢᠭ ᠮᠠᠲ᠋ᠧᠷᠢᠶᠠᠯ ᠤᠨ | ᠡᠮᠬᠢᠳᠭᠡᠯ ᠵᠡᠷᠭᠡ 5 ᠵᠦᠢᠯ ᠤᠨ ᠮᠡᠲ᠋ᠧᠷᠢᠶᠠᠯ ᠢ ᠨᠠᠶᠢᠷᠠᠭᠤᠯᠣᠨ ᠪᠢᠴᠢᠵᠦ ︽ᠳᠠᠩᠰᠠ ᠡᠪᠬᠡᠮᠡᠯ ᠤᠨ ᠬᠠᠤᠯᠢ︾᠂ ︽ | ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ︾ ᠵᠡᠷᠭᠡ ᠬᠠᠤᠯᠢ | ᠲᠦᠷᠢᠮ ᠢ ᠰᠣᠷᠣᠯᠴᠠᠬᠤ ᠲᠠᠶᠢᠯᠤᠮᠵᠢ ᠶᠢ ᠡᠷᠬᠢᠯᠡᠨ ᠬᠢᠭᠰᠡᠨ ᠪᠠᠶᠢᠨ᠎ᠠ᠃ | ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠳᠠᠩᠰᠠ ᠡᠪᠬᠡᠮᠡᠯ ᠤᠨ | ᠬᠠᠮᠢᠶᠠᠷᠣᠯᠲᠠ ᠶᠢᠨ ᠲᠣᠰᠬᠠᠢ ᠺᠣᠮᠫᠢᠦ᠋ᠲ᠋ᠧᠷ ᠲᠤ ᠲᠣᠰᠬᠠᠢ ᠳᠠᠩᠰᠠ ᠡᠪᠬᠡᠮᠡᠯ ᠤᠨ ᠬᠠᠮᠢᠶᠠᠷᠣᠯᠲᠠ ᠶᠢᠨ ᠵᠦᠭᠡᠯᠡᠨ | ᠲᠣᠨᠤᠭ ᠢ ᠤᠭᠰᠠᠷᠠᠪᠠ᠃ ᠳᠠᠩᠰᠠ ᠡᠪᠬᠡᠮᠡᠯ ᠤᠨ ᠡᠯᠧᠺᠲᠷᠤᠨ ᠮᠡᠳᠡᠭᠡ ᠵᠠᠩᠬᠢ ᠶᠢ ᠴᠣᠭᠯᠠᠭᠤᠯᠵᠤ ᠳᠠᠩᠰᠠ ᠡᠪᠬᠡᠮᠡᠯ | ᠳ᠋ᠠᠶᠢᠲ᠋ᠠ ᠶᠢᠨ ᠬᠦᠮᠣᠷᠭᠡ ᠪᠣᠯᠣᠨ ᠡᠯᠧᠺᠲᠷᠣᠨ ᠭᠠᠷᠴᠠᠭ ᠡᠷᠢᠬᠦ ᠰᠢᠰᠲ᠋ᠧᠮ ᠢ ᠪᠠᠶᠢᠭᠤᠯᠬᠤ ᠶᠢᠨ ᠬᠠᠮᠲᠣ ᠪᠡᠯᠡᠳᠬᠡᠯ | ᠳ᠋ᠠᠶᠢᠲ᠋ᠠ ᠶᠢᠨ ᠬᠦᠮᠣᠷᠭᠡ ᠶᠢ ᠪᠠᠶᠢᠭᠤᠯᠪᠠ᠃ | ᠬᠤᠰᠢᠭᠤ ᠬᠢᠨᠠᠨ ᠪᠣᠳᠣᠬᠤ ᠲᠤᠪᠴᠢᠶ᠎ᠠ ᠦᠪᠡᠷᠳᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠠᠵᠢᠯ ᠤᠨ | ᠨᠢᠭᠡᠳᠤᠭᠡᠷ ᠳᠡᠰ ᠤᠨ ᠪᠠᠶᠢᠭᠤᠯᠭ᠎ᠠ ᠨᠢᠭᠡᠴᠢ ᠶᠢ ᠪᠠᠶᠢᠭᠤᠯᠬᠤ ᠠᠵᠢᠯ ᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠪᠦᠬᠦ | ᠲᠠᠯ᠎ᠠ ᠪᠠᠷ ᠬᠠᠷᠢᠭᠤᠴᠠᠬᠤ ᠣᠪᠣᠷ ᠢᠶᠠᠷ ᠲᠣᠰ ᠤᠳᠠᠭᠠᠨ ᠤ ᠳᠡᠰ ᠳᠠᠪᠰᠢᠬᠤ ᠠᠵᠢᠯ ᠢ ᠬᠢᠨᠠᠨ ᠵᠢᠯᠤᠭᠤᠳᠴᠤ | ᠳᠠᠩᠰᠠ ᠡᠪᠬᠡᠮᠡᠯ ᠤᠨ ᠠᠵᠢᠯ ᠢ ᠬᠢᠨᠠᠨ ᠪᠣᠳᠣᠬᠤ ᠪᠠᠶᠢᠭᠤᠯᠭ᠎ᠠ ᠨᠢᠭᠡᠴᠢ ᠶᠢᠨ ᠰᠠᠭᠤᠷᠢ ᠪᠦᠳᠣᠭᠡᠨ | ᠪᠠᠶᠢᠭᠤᠯᠣᠯᠲᠠ ᠶᠢᠨ ᠲᠦᠯᠣᠪᠵᠢᠭᠦᠯᠭᠡ ᠳᠤ ᠣᠷᠣᠭᠤᠯᠤᠨ ᠪᠡᠯᠡ ᠮᠦᠡᠭᠭᠦ᠂ ᠬᠠᠮᠢᠶᠠᠷᠣᠯᠲᠠ ᠵᠡᠷᠭᠡ ᠲᠠᠯ᠎ᠠ ᠪᠠᠷ ᠬᠢ | ᠣᠷᠣᠭᠤᠯᠣᠯᠲᠠ ᠶᠢᠨ ᠡᠷᠴᠢᠮ ᠢᠶᠠᠨ ᠴᠢᠩᠭᠠᠷᠠᠭᠤᠯᠵᠦ ᠪᠣᠳᠠᠲᠤ ᠠᠵᠢᠯ ᠤᠨ ᠲᠣᠮᠳᠠᠬᠢ ᠬᠦᠴᠢᠷ ᠪᠡᠷᠬᠡᠰᠢᠶᠠᠯ ᠢ | ᠦᠨᠡᠨᠬᠦ ᠰᠢᠢᠳᠪᠣᠷᠢᠯᠡᠨ ᠵᠢᠯ ᠤᠨ ᠡᠴᠤᠰ ᠠᠴᠠ ᠡᠮᠣᠨ᠎ᠡ ᠳᠡᠰ ᠳᠠᠪᠰᠢᠬᠦ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ |