ᠦᠨᠳᠦᠰᠦᠲᠡᠨ ᠤ ᠵᠢᠭᠠᠨ ᠰᠤᠷᠭᠠᠯᠲᠠ ᠶᠢᠨ ᠰᠢᠨ᠎ᠡ ᠳᠤᠷᠰᠢᠴᠠ | ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠰᠢᠨ᠎ᠡ ᠬᠠᠶᠢᠯᠲᠠ | ᠮᠤᠩᠭᠤᠯ ᠰᠤᠷᠭᠠᠭᠤᠯᠢ ᠳᠤ ᠭᠢᠳᠡᠳ ᠭᠡᠯᠡ ᠵᠢᠭᠠᠳᠠᠭ ᠠᠴᠠ ᠪᠢᠰᠢ ᠭᠢᠳᠡᠳ ᠰᠤᠷᠭᠠᠭᠤᠯᠢ ᠳᠤ ᠮᠤᠩᠭᠤᠯ ᠭᠡᠯᠡ | ᠵᠢᠭᠠᠬᠤ ᠶᠢ ᠲᠠ ᠰᠤᠨᠤᠰᠤᠭᠰᠠᠨ ᠤᠤ︖ ᠦᠤᠰᠢᠨ ᠬᠤᠰᠢᠭᠤᠨ ᠤ ᠭᠤᠷᠪᠠᠳᠤᠭᠠᠷ ᠲᠤᠷᠰᠢᠯᠳᠠ ᠶᠢᠨ ᠪᠠᠭ᠎ᠠ | ᠰᠤᠷᠭᠠᠭᠤᠯᠢ ︵ᠭᠢᠳᠡᠳ ᠢᠶᠠᠷ ᠭᠢᠴᠢᠶᠠᠯᠯᠡᠭᠦ ᠰᠤᠷᠭᠠᠭᠤᠯᠢ︶ ᠮᠤᠩᠭᠤᠯ ᠭᠡᠯᠡᠨ ᠤ ᠭᠢᠴᠢᠶᠠᠯ ᠨᠡᠭᠡᠭᠡᠭᠰᠡᠨ ᠰᠠᠶᠢᠬᠠᠨ | ᠰᠤᠷᠠᠭ ᠠᠮᠠ ᠲᠠᠮᠵᠢᠨ ᠶᠠᠷᠢᠭᠳᠠᠵᠤ᠂ ᠨᠤᠳᠤᠭ ᠤᠰᠤᠨ ᠤ ᠰᠠᠶᠢᠬᠠᠨ ᠰᠤᠨᠤᠰᠬᠠᠯ ᠪᠤᠯᠤᠭᠰᠠᠨ ᠪᠠᠶᠢᠨ᠎ᠠ᠃ | ᠤᠶᠢᠯᠠᠭᠠᠭᠰᠠᠨ ᠢᠶᠠᠷ ᠲᠤᠰ ᠰᠤᠷᠭᠠᠭᠤᠯᠢ ᠮᠤᠩᠭᠤᠯ ᠭᠡᠯᠡᠨ ᠤ ᠭᠢᠴᠢᠶᠠᠯ ᠨᠡᠭᠡᠭᠡᠳ ᠭᠤᠷᠪᠠᠨ ᠵᠢᠯ ᠤᠨ ᠨᠢᠭᠤᠷ | ᠦᠵᠡᠵᠤ ᠪᠤᠢ᠃ | 12 ᠰᠠᠷ᠎ᠠ ᠶᠢᠨ 24 ᠤ ᠦᠳᠡ ᠶᠢᠨ ᠡᠮᠦᠨ᠎ᠠ ᠪᠢᠳᠡ ᠲᠤᠰ ᠰᠤᠷᠭᠠᠭᠤᠯᠢ ᠳᠤ ᠭᠦᠷᠴᠦ᠂ ᠭᠢᠳᠡᠳ | ᠰᠤᠷᠭᠠᠭᠤᠯᠢ ᠶᠢᠨ ᠮᠤᠩᠭᠤᠯ ᠭᠡᠯᠡᠨ ᠤ ᠵᠢᠭᠠᠨ ᠰᠤᠷᠭᠠᠯᠳᠠ ᠶᠢᠨ ᠲᠤᠬᠠᠢ ᠰᠤᠷᠪᠤᠯᠵᠢᠯᠠᠭᠰᠠᠨ ᠪᠢᠯᠠ᠃ | ᠦᠤᠰᠢᠨ ᠬᠤᠰᠢᠭᠤ ᠪᠤᠯ ᠪᠦᠭᠦ ᠤᠷᠤᠨ ᠤ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠵᠢᠱᠢᠶ᠎ᠠ | ᠦᠵᠡᠭᠦᠯᠭᠦ ᠬᠤᠰᠢᠭᠤ ᠪᠤᠯᠤᠨ᠎ᠠ᠃ ᠦᠤᠰᠢᠨ ᠬᠤᠰᠢᠭᠤᠨ ᠤ ᠭᠤᠷᠪᠠᠳᠤᠭᠠᠷ ᠲᠤᠷᠰᠢᠯᠳᠠ ᠶᠢᠨ ᠪᠠᠭ᠎ᠠ | ᠰᠤᠷᠭᠠᠭᠤᠯᠢ ᠶᠢᠨ ᠪᠠᠭᠰᠢ ᠤᠳᠤᠷᠢᠳᠤᠯᠭ᠎ᠠ ᠨᠠᠷ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠢ | ᠭᠡᠦᠭᠡᠳ ᠠᠴᠠ ᠡᠭᠢᠯᠡᠨ ᠠᠳᠬᠤᠬᠤ ᠶᠢᠨ ᠴᠢᠬᠤᠯᠠ ᠴᠢᠨᠠᠷ ᠢ ᠰᠡᠷᠭᠡᠭ ᠢᠶᠠᠷ ᠲᠠᠨᠢᠭᠰᠠᠨ ᠢᠶᠠᠷ᠂ 2015 ᠤᠨ ᠤ 3 | ᠰᠠᠷ᠎ᠠ ᠠᠴᠠ ᠮᠤᠩᠭᠤᠯ ᠭᠡᠯᠡᠨ ᠤ ᠭᠢᠴᠢᠶᠠᠯ ᠨᠡᠭᠡᠭᠡᠵᠤ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠠᠭᠢᠭᠤᠯᠬᠤ | ᠰᠢᠨ᠎ᠠ ᠬᠠᠶᠢᠯᠳᠠ ᠬᠢᠵᠦ ᠡᠬᠢᠯᠡᠵᠡᠢ᠃ ᠡᠨᠡ ᠨᠢ ᠪᠠᠰᠠ ᠰᠤᠷᠤᠭᠴᠢ ᠶᠢᠨ ᠬᠡᠷ ᠤᠨ ᠠᠬᠠᠮᠠᠳ ᠪᠤᠯᠤᠨ ᠨᠠᠶᠢᠭᠡᠮ ᠤᠨ | ᠡᠯ᠎ᠠ ᠡᠳᠡᠭᠡᠳ ᠤᠨ ᠲᠡᠮᠵᠢᠯᠭᠡ ᠶᠢ ᠤᠯᠤᠭᠰᠠᠨ ᠢᠶᠠᠷ ᠵᠢᠭᠠᠨ ᠰᠤᠷᠭᠠᠯᠳᠠ ᠶᠢᠨ ᠠᠵᠢᠯ ᠨᠢ ᠤᠯᠠᠮ ᠰᠢᠯᠤᠭᠤᠨ | ᠤᠷᠤᠭᠰᠢᠳᠠᠢ ᠪᠤᠯᠤᠭᠰᠠᠨ ᠪᠠᠶᠢᠨ᠎ᠠ᠃ | | | | | | | | | | | | ᠲᠦᠮᠡᠨ ᠠᠯᠬᠤᠮ ᠤᠨ ᠲᠦᠷᠦᠭᠦᠦ ᠠᠯᠬᠤᠮ ᠨᠢ ᠭᠦᠴᠢᠷ ᠭᠡᠳᠡᠭᠴᠢᠯᠡᠨ᠂ ᠠᠩᠬ᠎ᠠ ᠡᠭᠢᠯᠡᠭᠦ ᠳᠤ ᠲᠤᠷᠰᠢᠯᠭ᠎ᠠ | ᠲᠤᠯᠢ ᠪᠤᠯᠭᠠᠴᠢᠬᠠᠮᠠᠷ ᠰᠤᠷᠬᠤ ᠪᠢᠴᠢᠭ ᠦᠭᠡᠢ ᠠᠰᠠᠭᠤᠳᠠᠯ ᠳᠤ ᠲᠠᠳᠠ ᠮᠠᠰᠢ ᠲᠦᠪᠡᠭᠳᠡᠵᠡᠢ᠃ ᠭᠡᠪᠡᠴᠦ ᠤᠶᠤᠨ᠎ᠠ | ᠵᠡᠷᠬᠡ ᠮᠤᠩᠭᠤᠯ ᠭᠡᠯᠡᠨ ᠤ ᠪᠠᠭᠰᠢ ᠨᠠᠷ ᠤᠨ ᠴᠦᠭᠦᠷᠡᠰᠢ ᠦᠭᠡᠢ ᠴᠢᠷᠮᠠᠶᠢᠯᠭ᠎ᠠ ᠪᠠᠷ ᠬᠢᠳᠠᠳ ᠬᠡᠤᠬᠡᠳ ᠲᠤ | ᠵᠤᠷᠢᠭᠤᠯᠤᠭᠰᠠᠨ ᠮᠤᠩᠭᠤᠯ ᠬᠡᠯᠡᠨ ᠤ ᠲᠤᠷᠰᠢᠨ ᠵᠢᠭᠠᠬᠤ ᠪᠢᠴᠢᠭ ᠢ ᠦᠪᠡᠷ ᠲᠡᠭᠡᠨ ᠨᠠᠶᠢᠷᠠᠭᠤᠯᠤᠨ ᠵᠤᠬᠢᠶᠠᠵᠦ᠂ | ᠤᠳᠤᠬᠠᠨ ᠪᠤᠯᠳᠠᠯ᠎ᠠ ᠭᠤᠷᠪᠠ ᠤᠳᠠᠭ᠎ᠠ ᠵᠠᠰᠠᠨ ᠬᠡᠪᠯᠡᠭᠦᠯᠦᠭᠰᠡᠨ ᠨᠢ ᠲᠠᠳᠠᠨ ᠤ ᠵᠢᠳᠭᠦᠯ ᠴᠢᠷᠮᠠᠶᠢᠯᠭ᠎ᠠ ᠶᠢᠨ ᠭᠢᠨᠢ | ᠭᠡᠷᠡᠴᠢᠯᠡᠯ ᠲᠡᠳᠦᠢ ᠦᠭᠡᠢ ᠦᠨᠳᠦᠰᠤᠳᠡᠨ ᠤ ᠵᠢᠭᠠᠨ ᠰᠤᠷᠭᠠᠯᠳᠠ ᠶᠢᠨ ᠭᠢᠳᠡᠳ ᠰᠤᠷᠭᠠᠭᠤᠯᠢ ᠳᠠᠬᠢ ᠰᠢᠨ᠎ᠠ | ᠲᠤᠷᠰᠢᠴᠡ ᠪᠤᠯᠤᠭᠰᠠᠨ ᠨᠢ ᠲᠠᠮᠵᠢᠭ ᠦᠭᠡᠢ᠃ ᠬᠢᠴᠢᠶᠡᠯ ᠤᠨ ᠪᠢᠴᠢᠭ ᠤᠨ ᠠᠭᠤᠯᠭ᠎ᠠ ᠳᠤ ᠬᠤᠶᠠᠷ ᠵᠠᠭᠤ ᠭᠠᠷᠤᠢ | ᠶᠠᠷᠢᠯᠴᠠᠭ᠎ᠠ᠂ ᠵᠠᠭᠤ ᠭᠠᠷᠤᠢ ᠦᠭᠦᠯᠡᠪᠦᠷᠢ ᠪᠠ ᠨᠠᠢᠮᠠᠨ ᠮᠤᠩᠭᠤᠯ ᠲᠠᠭᠤᠤ ᠪᠠᠭᠳᠠᠵᠤ ᠪᠤᠢ᠃ | ᠤᠶᠤᠨ᠎ᠠ ᠪᠠᠭᠰᠢ᠄ ︽ᠪᠢᠳᠡ ᠨᠢᠬᠡ ᠬᠤᠶᠠᠳᠤᠭᠠᠷ ᠤᠨ ᠳᠤ ᠭᠠᠷᠠᠭ ᠲᠤ ᠨᠢᠬᠡ ᠤᠳᠠᠭ᠎ᠠ ᠮᠤᠩᠭᠤᠯ ᠭᠡᠯᠡᠨ ᠤ | ᠭᠢᠴᠢᠶᠠᠯ ᠤᠷᠤᠵᠦ᠂ ᠭᠤᠷᠪᠠᠳᠤᠭᠠᠷ ᠤᠨ ᠠᠴᠠ ᠡᠭᠢᠯᠡᠨ ᠲᠤᠷ᠎ᠠ ᠰᠤᠨᠢᠷᠬᠠᠯ ᠤᠨ ᠬᠢᠴᠢᠶᠡᠯ ᠢᠶᠠᠷ ᠲᠤᠬᠢᠷᠠᠭᠤᠯᠤᠬᠰᠠᠨ | ᠶᠤᠮ᠃ ᠬᠢᠳᠡᠳ ᠭᠡᠦᠭᠡᠳ ᠲᠤ ᠮᠤᠩᠭᠤᠯ ᠬᠡᠯᠡ ᠵᠢᠭᠠᠬᠤ ᠨᠢ ᠭᠡᠴᠢᠨᠡᠨ ᠲᠦᠪᠡᠭᠳᠡᠢ ᠭᠡᠭᠴᠢ ᠶᠢ ᠭᠦᠮᠦᠰ ᠪᠦᠷ | ᠮᠡᠳᠡᠨ᠎ᠠ᠃ ᠭᠡᠪᠡᠴᠦ ᠭᠦᠴᠢᠷ ᠲᠠᠢ ᠭᠡᠳ ᠬᠤᠶᠢᠰᠢ ᠤᠬᠤᠷᠢᠵᠤ ᠪᠤᠯᠬᠤ ᠦᠭᠡᠢ᠂ ᠡᠷᠭᠡᠪᠰᠢ ᠬᠠᠯᠠᠰᠢᠷᠡᠯ ᠦᠭᠡᠢ | ᠵᠢᠭᠠᠬᠤ ᠶᠢ ᠪᠠᠷᠢᠮᠳᠠᠯᠠᠬᠤ ᠭᠡᠷᠡᠭᠳᠡᠢ᠃ ᠤᠳᠤᠬᠠᠨ ᠮᠠᠨ ᠤ ᠰᠤᠷᠤᠭᠴᠢᠳ ᠮᠤᠩᠭᠤᠯ ᠭᠡᠯᠡ ᠪᠠᠷ ᠡᠳᠦᠷ ᠲᠤᠳᠤᠮ ᠤᠨ | ᠲᠦᠭᠦᠮ ᠶᠠᠷᠢᠯᠴᠠᠭ᠎ᠠ ᠬᠠᠷᠢᠯᠴᠠᠭ᠎ᠠ ᠭᠢᠵᠤ ᠲᠡᠶᠢᠯᠭᠦ ᠪᠤᠯᠤᠭᠰᠠᠨ ᠢᠶᠠᠷ ᠦᠯᠦ ᠪᠠᠷᠠᠮ ᠦᠨᠳᠦᠰᠦᠳᠡᠨ ᠨᠦᠭᠦᠳ ᠤᠨ | ᠭᠡᠦᠭᠡᠳ ᠤᠨ ᠬᠤᠭᠤᠷᠤᠨᠳᠤᠭᠢ ᠬᠠᠷᠢᠴᠠᠭ᠎ᠠ ᠨᠠᠩ ᠨᠢᠭᠳᠠᠷᠠᠵᠤ᠂ ᠨᠦᠭᠦᠷᠯᠡᠯ ᠨᠢ ᠨᠠᠩ ᠭᠦᠨ ᠪᠤᠯᠤᠭᠰᠠᠨ ᠁︾ | ᠭᠡᠵᠦ ᠰᠤᠷᠪᠤᠯᠵᠢᠯᠠᠭᠴᠢ ᠳᠤ ᠶᠠᠷᠢᠨ᠎ᠠ᠃ | | | | | | | | | | | | | | | | | | | | | | ᠤᠶᠢᠯᠠᠭᠠᠬᠰᠠᠨ ᠢᠶᠠᠷ᠂ ᠲᠤᠰ ᠰᠤᠷᠭᠠᠭᠤᠯᠢ ᠭᠤᠷᠪᠠᠨ ᠵᠢᠯ ᠤᠨ ᠬᠤᠭᠤᠴᠠᠭᠠᠨ ᠳᠤ ᠬᠤᠶᠠᠷ ᠮᠢᠩᠭ᠎ᠠ ᠭᠠᠷᠤᠢ | ᠭᠢᠳᠡᠳ ᠰᠤᠷᠤᠬᠴᠢ ᠳᠤ ᠮᠤᠩᠭᠤᠯ ᠬᠡᠯᠡ ᠵᠢᠭᠠᠵᠤ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠲᠦᠯᠦᠭᠡᠨᠠ | ᠦᠪᠡᠷ ᠤᠨ ᠭᠡᠭᠦ ᠬᠤᠪᠢ ᠨᠡᠮᠡᠷᠢ ᠪᠠᠨ ᠡᠷᠭᠦᠭᠰᠡᠭᠡᠷ᠃ | | | | | | | | | | |