ᠦᠨᠳᠦᠰᠦᠲᠡᠨ ᠤ ᠵᠢᠭᠠᠨ ᠰᠤᠷᠭᠠᠯᠲᠠ ᠶᠢᠨ ᠰᠢᠨ᠎ᠡ ᠳᠤᠷᠰᠢᠴᠠ | ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠰᠢᠨ᠎ᠡ ᠬᠠᠶᠢᠯᠲᠠ | ᠮᠤᠩᠭᠤᠯ ᠰᠤᠷᠭᠠᠭᠤᠯᠢ ᠳᠤ ᠭᠢᠳᠡᠳ ᠭᠡᠯᠡ ᠵᠢᠭᠠᠳᠠᠭ ᠠᠴᠠ ᠪᠢᠰᠢ ᠭᠢᠳᠡᠳ ᠰᠤᠷᠭᠠᠭᠤᠯᠢ ᠳᠤ ᠮᠤᠩᠭᠤᠯ ᠭᠡᠯᠡ | ᠵᠢᠭᠠᠬᠤ ᠶᠢ ᠲᠠ ᠰᠤᠨᠤᠰᠤᠭᠰᠠᠨ ᠤᠤ︖ ᠦᠤᠰᠢᠨ ᠬᠤᠰᠢᠭᠤᠨ ᠤ ᠭᠤᠷᠪᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ︵ | ᠭᠢᠳᠡᠳ ᠢᠶᠠᠷ ᠭᠢᠴᠢᠶᠠᠯᠯᠡᠭᠦ ᠰᠤᠷᠭᠠᠭᠤᠯᠢ︶ ᠮᠤᠩᠭᠤᠯ ᠭᠡᠯᠡᠨ ᠤ ᠭᠢᠴᠢᠶᠠᠯ ᠨᠡᠭᠡᠭᠡᠭᠰᠡᠨ ᠰᠠᠶᠢᠬᠠᠨ ᠰᠤᠷᠠᠭ ᠠᠮᠠ ᠲᠠᠮᠵᠢᠨ | ᠶᠠᠷᠢᠭᠳᠠᠵᠤ᠂ ᠨᠤᠳᠤᠭ ᠤᠰᠤᠨ ᠤ ᠰᠠᠶᠢᠬᠠᠨ ᠰᠤᠨᠤᠰᠬᠠᠯ ᠪᠤᠯᠤᠭᠰᠠᠨ ᠪᠠᠶᠢᠨ᠎ᠠ᠃ ᠤᠶᠢᠯᠠᠭᠠᠭᠰᠠᠨ ᠢᠶᠠᠷ ᠲᠤᠰ ᠰᠤᠷᠭᠠᠭᠤᠯᠢ | ᠮᠤᠩᠭᠤᠯ ᠭᠡᠯᠡᠨ ᠤ ᠭᠢᠴᠢᠶᠠᠯ ᠨᠡᠭᠡᠭᠡᠳ ᠭᠤᠷᠪᠠᠨ ᠵᠢᠯ ᠤᠨ ᠨᠢᠭᠤᠷ ᠦᠵᠡᠵᠤ ᠪᠤᠢ᠃ | 12 ᠰᠠᠷ᠎ᠠ ᠶᠢᠨ 24 ᠤ ᠦᠳᠡ ᠶᠢᠨ ᠡᠮᠦᠨ᠎ᠠ ᠪᠢᠳᠡ ᠲᠤᠰ ᠰᠤᠷᠭᠠᠭᠤᠯᠢ ᠳᠤ ᠭᠦᠷᠴᠦ᠂ ᠭᠢᠳᠡᠳ | ᠰᠤᠷᠭᠠᠭᠤᠯᠢ ᠶᠢᠨ ᠮᠤᠩᠭᠤᠯ ᠭᠡᠯᠡᠨ ᠤ ᠵᠢᠭᠠᠨ ᠰᠤᠷᠭᠠᠯᠳᠠ ᠶᠢᠨ ᠲᠤᠬᠠᠢ ᠰᠤᠷᠪᠤᠯᠵᠢᠯᠠᠭᠰᠠᠨ ᠪᠢᠯᠠ᠃ | ᠦᠤᠰᠢᠨ ᠬᠤᠰᠢᠭᠤ ᠪᠤᠯ ᠪᠦᠭᠦ ᠤᠷᠤᠨ ᠤ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠵᠢᠱᠢᠶ᠎ᠠ ᠦᠵᠡᠭᠦᠯᠭᠦ | ᠬᠤᠰᠢᠭᠤ ᠪᠤᠯᠤᠨ᠎ᠠ᠃ ᠦᠤᠰᠢᠨ ᠬᠤᠰᠢᠭᠤᠨ ᠤ ᠭᠤᠷᠪᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠠᠭᠰᠢ | ᠤᠳᠤᠷᠢᠳᠤᠯᠭ᠎ᠠ ᠨᠠᠷ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠭᠦᠮᠦᠵᠢᠯ ᠢ ᠭᠡᠦᠭᠡᠳ ᠠᠴᠠ ᠡᠭᠢᠯᠡᠨ ᠠᠳᠬᠤᠬᠤ ᠶᠢᠨ | ᠴᠢᠬᠤᠯᠠ ᠴᠢᠨᠠᠷ ᠢ ᠰᠡᠷᠭᠡᠭ ᠢᠶᠠᠷ ᠲᠠᠨᠢᠭᠰᠠᠨ ᠢᠶᠠᠷ᠂ 2015 ᠤᠨ ᠤ 3 ᠰᠠᠷ᠎ᠠ ᠠᠴᠠ ᠮᠤᠩᠭᠤᠯ ᠭᠡᠯᠡᠨ ᠤ ᠭᠢᠴᠢᠶᠠᠯ | ᠨᠡᠭᠡᠭᠡᠵᠤ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠠᠭᠢᠭᠤᠯᠬᠤ ᠰᠢᠨ᠎ᠠ ᠬᠠᠶᠢᠯᠳᠠ ᠬᠢᠵᠦ ᠡᠬᠢᠯᠡᠵᠡᠢ᠃ ᠡᠨᠡ ᠨᠢ | ᠪᠠᠰᠠ ᠰᠤᠷᠤᠭᠴᠢ ᠶᠢᠨ ᠬᠡᠷ ᠤᠨ ᠠᠬᠠᠮᠠᠳ ᠪᠤᠯᠤᠨ ᠨᠠᠶᠢᠭᠡᠮ ᠤᠨ ᠡᠯ᠎ᠠ ᠡᠳᠡᠭᠡᠳ ᠤᠨ ᠲᠡᠮᠵᠢᠯᠭᠡ ᠶᠢ ᠤᠯᠤᠭᠰᠠᠨ ᠢᠶᠠᠷ | ᠵᠢᠭᠠᠨ ᠰᠤᠷᠭᠠᠯᠳᠠ ᠶᠢᠨ ᠠᠵᠢᠯ ᠨᠢ ᠤᠯᠠᠮ ᠰᠢᠯᠤᠭᠤᠨ ᠤᠷᠤᠭᠰᠢᠳᠠᠢ ᠪᠤᠯᠤᠭᠰᠠᠨ ᠪᠠᠶᠢᠨ᠎ᠠ᠃ | | | | | | | | | | ᠲᠦᠮᠡᠨ ᠠᠯᠬᠤᠮ ᠤᠨ ᠲᠦᠷᠦᠭᠦᠦ ᠠᠯᠬᠤᠮ ᠨᠢ ᠭᠦᠴᠢᠷ ᠭᠡᠳᠡᠭᠴᠢᠯᠡᠨ᠂ ᠠᠩᠬ᠎ᠠ ᠡᠭᠢᠯᠡᠭᠦ ᠳᠤ ᠲᠤᠷᠰᠢᠯᠭ᠎ᠠ ᠲᠤᠯᠢ | ᠪᠤᠯᠭᠠᠴᠢᠬᠠᠮᠠᠷ ᠰᠤᠷᠬᠤ ᠪᠢᠴᠢᠭ ᠦᠭᠡᠢ ᠠᠰᠠᠭᠤᠳᠠᠯ ᠳᠤ ᠲᠠᠳᠠ ᠮᠠᠰᠢ ᠲᠦᠪᠡᠭᠳᠡᠵᠡᠢ᠃ ᠭᠡᠪᠡᠴᠦ ᠤᠶᠤᠨ᠎ᠠ ᠵᠡᠷᠬᠡ ᠮᠤᠩᠭᠤᠯ | ᠭᠡᠯᠡᠨ ᠤ ᠪᠠᠭᠰᠢ ᠨᠠᠷ ᠤᠨ ᠴᠦᠭᠦᠷᠡᠰᠢ ᠦᠭᠡᠢ ᠴᠢᠷᠮᠠᠶᠢᠯᠭ᠎ᠠ ᠪᠠᠷ ᠬᠢᠳᠠᠳ ᠬᠡᠤᠬᠡᠳ ᠲᠤ ᠵᠤᠷᠢᠭᠤᠯᠤᠭᠰᠠᠨ ᠮᠤᠩᠭᠤᠯ | ᠬᠡᠯᠡᠨ ᠤ ᠲᠤᠷᠰᠢᠨ ᠵᠢᠭᠠᠬᠤ ᠪᠢᠴᠢᠭ ᠢ ᠦᠪᠡᠷ ᠲᠡᠭᠡᠨ ᠨᠠᠶᠢᠷᠠᠭᠤᠯᠤᠨ ᠵᠤᠬᠢᠶᠠᠵᠦ᠂ ᠤᠳᠤᠬᠠᠨ ᠪᠤᠯᠳᠠᠯ᠎ᠠ ᠭᠤᠷᠪᠠ ᠤᠳᠠᠭ᠎ᠠ | ᠵᠠᠰᠠᠨ ᠬᠡᠪᠯᠡᠭᠦᠯᠦᠭᠰᠡᠨ ᠨᠢ ᠲᠠᠳᠠᠨ ᠤ ᠵᠢᠳᠭᠦᠯ ᠴᠢᠷᠮᠠᠶᠢᠯᠭ᠎ᠠ ᠶᠢᠨ ᠭᠢᠨᠢ ᠭᠡᠷᠡᠴᠢᠯᠡᠯ ᠲᠡᠳᠦᠢ ᠦᠭᠡᠢ ᠦᠨᠳᠦᠰᠤᠳᠡᠨ ᠤ | ᠵᠢᠭᠠᠨ ᠰᠤᠷᠭᠠᠯᠳᠠ ᠶᠢᠨ ᠭᠢᠳᠡᠳ ᠰᠤᠷᠭᠠᠭᠤᠯᠢ ᠳᠠᠬᠢ ᠰᠢᠨ᠎ᠠ ᠲᠤᠷᠰᠢᠴᠡ ᠪᠤᠯᠤᠭᠰᠠᠨ ᠨᠢ ᠲᠠᠮᠵᠢᠭ ᠦᠭᠡᠢ᠃ ᠬᠢᠴᠢᠶᠡᠯ ᠤᠨ | ᠪᠢᠴᠢᠭ ᠤᠨ ᠠᠭᠤᠯᠭ᠎ᠠ ᠳᠤ ᠬᠤᠶᠠᠷ ᠵᠠᠭᠤ ᠭᠠᠷᠤᠢ ᠶᠠᠷᠢᠯᠴᠠᠭ᠎ᠠ᠂ ᠵᠠᠭᠤ ᠭᠠᠷᠤᠢ ᠦᠭᠦᠯᠡᠪᠦᠷᠢ ᠪᠠ ᠨᠠᠢᠮᠠᠨ ᠮᠤᠩᠭᠤᠯ ᠲᠠᠭᠤᠤ | ᠪᠠᠭᠳᠠᠵᠤ ᠪᠤᠢ᠃ | | | | | | | | | | | | | | | | ᠤᠶᠤᠨ᠎ᠠ ᠪᠠᠭᠰᠢ᠄ ︽ᠪᠢᠳᠡ ᠨᠢᠬᠡ ᠬᠤᠶᠠᠳᠤᠭᠠᠷ ᠤᠨ ᠳᠤ ᠭᠠᠷᠠᠭ ᠲᠤ ᠨᠢᠬᠡ ᠤᠳᠠᠭ᠎ᠠ ᠮᠤᠩᠭᠤᠯ ᠭᠡᠯᠡᠨ ᠤ | ᠭᠢᠴᠢᠶᠠᠯ ᠤᠷᠤᠵᠦ᠂ ᠭᠤᠷᠪᠠᠳᠤᠭᠠᠷ ᠤᠨ ᠠᠴᠠ ᠡᠭᠢᠯᠡᠨ ᠲᠤᠷ᠎ᠠ ᠰᠤᠨᠢᠷᠬᠠᠯ ᠤᠨ ᠬᠢᠴᠢᠶᠡᠯ ᠢᠶᠠᠷ ᠲᠤᠬᠢᠷᠠᠭᠤᠯᠤᠬᠰᠠᠨ ᠶᠤᠮ᠃ | ᠬᠢᠳᠡᠳ ᠭᠡᠦᠭᠡᠳ ᠲᠤ ᠮᠤᠩᠭᠤᠯ ᠬᠡᠯᠡ ᠵᠢᠭᠠᠬᠤ ᠨᠢ ᠭᠡᠴᠢᠨᠡᠨ ᠲᠦᠪᠡᠭᠳᠡᠢ ᠭᠡᠭᠴᠢ ᠶᠢ ᠭᠦᠮᠦᠰ ᠪᠦᠷ ᠮᠡᠳᠡᠨ᠎ᠠ᠃ ᠭᠡᠪᠡᠴᠦ | ᠭᠦᠴᠢᠷ ᠲᠠᠢ ᠭᠡᠳ ᠬᠤᠶᠢᠰᠢ ᠤᠬᠤᠷᠢᠵᠤ ᠪᠤᠯᠬᠤ ᠦᠭᠡᠢ᠂ ᠡᠷᠭᠡᠪᠰᠢ ᠬᠠᠯᠠᠰᠢᠷᠡᠯ ᠦᠭᠡᠢ ᠵᠢᠭᠠᠬᠤ ᠶᠢ ᠪᠠᠷᠢᠮᠳᠠᠯᠠᠬᠤ | ᠭᠡᠷᠡᠭᠳᠡᠢ᠃ ᠤᠳᠤᠬᠠᠨ ᠮᠠᠨ ᠤ ᠰᠤᠷᠤᠭᠴᠢᠳ ᠮᠤᠩᠭᠤᠯ ᠭᠡᠯᠡ ᠪᠠᠷ ᠡᠳᠦᠷ ᠲᠤᠳᠤᠮ ᠤᠨ ᠲᠦᠭᠦᠮ ᠶᠠᠷᠢᠯᠴᠠᠭ᠎ᠠ | ᠬᠠᠷᠢᠯᠴᠠᠭ᠎ᠠ ᠭᠢᠵᠤ ᠲᠡᠶᠢᠯᠭᠦ ᠪᠤᠯᠤᠭᠰᠠᠨ ᠢᠶᠠᠷ ᠦᠯᠦ ᠪᠠᠷᠠᠮ ᠦᠨᠳᠦᠰᠦᠳᠡᠨ ᠨᠦᠭᠦᠳ ᠤᠨ ᠭᠡᠦᠭᠡᠳ ᠤᠨ ᠬᠤᠭᠤᠷᠤᠨᠳᠤᠭᠢ | ᠬᠠᠷᠢᠴᠠᠭ᠎ᠠ ᠨᠠᠩ ᠨᠢᠭᠳᠠᠷᠠᠵᠤ᠂ ᠨᠦᠭᠦᠷᠯᠡᠯ ᠨᠢ ᠨᠠᠩ ᠭᠦᠨ ᠪᠤᠯᠤᠭᠰᠠᠨ ᠁︾ ᠭᠡᠵᠦ ᠰᠤᠷᠪᠤᠯᠵᠢᠯᠠᠭᠴᠢ ᠳᠤ ᠶᠠᠷᠢᠨ᠎ᠠ᠃ | | ᠤᠶᠢᠯᠠᠭᠠᠬᠰᠠᠨ ᠢᠶᠠᠷ᠂ ᠲᠤᠰ ᠰᠤᠷᠭᠠᠭᠤᠯᠢ ᠭᠤᠷᠪᠠᠨ ᠵᠢᠯ ᠤᠨ ᠬᠤᠭᠤᠴᠠᠭᠠᠨ ᠳᠤ ᠬᠤᠶᠠᠷ ᠮᠢᠩᠭ᠎ᠠ ᠭᠠᠷᠤᠢ ᠭᠢᠳᠡᠳ | ᠰᠤᠷᠤᠬᠴᠢ ᠳᠤ ᠮᠤᠩᠭᠤᠯ ᠬᠡᠯᠡ ᠵᠢᠭᠠᠵᠤ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠲᠦᠯᠦᠭᠡᠨᠠ ᠦᠪᠡᠷ ᠤᠨ ᠭᠡᠭᠦ | ᠬᠤᠪᠢ ᠨᠡᠮᠡᠷᠢ ᠪᠠᠨ ᠡᠷᠭᠦᠭᠰᠡᠭᠡᠷ᠃ | | | | | | | | | | | |