ᠮᠠᠨ ᠤ ᠬᠤᠰᠢᠭᠤ ᠳᠣᠰᠬᠠᠢ ᠮᠡᠷᠭᠡᠵᠢᠯᠳᠡᠨ ᠤ ᠣᠶᠣᠨ ᠪᠢᠯᠢᠭ ᠢ ᠨᠢᠭᠲᠠᠷᠠᠭᠤᠯᠣᠨ ᠭᠦᠳᠡᠭᠡ ᠳᠣᠰᠬᠤᠨ ᠳᠤ ᠦᠢᠯᠡᠴᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2018-12-03
      ᠡᠨᠡ ᠵᠢᠯ ᠤᠨ ᠡᠬᠢᠨ ᠠᠴᠠ᠂ ᠮᠠᠨ ᠤ ᠬᠤᠰᠢᠭᠤ ︽ᠵᠠᠭᠤᠨ ᠳᠣᠰᠬᠠᠢ ᠮᠡᠷᠭᠡᠵᠢᠯᠳᠡᠨ ᠭᠦᠳᠡᠭᠡ ᠳᠣᠰᠬᠤᠨ  ᠳᠤ ᠪᠠᠭᠤᠵᠣ ᠣᠯᠠᠨ ᠲᠦᠮᠡᠨ ᠳᠤ ᠦᠢᠯᠡᠴᠢᠯᠡᠭᠦ︾ ᠠᠵᠢᠯᠯᠠᠭ᠎ᠠ ᠦᠷᠨᠢᠬᠦᠯᠵᠦ᠂ ᠮᠠᠯ ᠲᠠᠷᠢᠶᠠᠯᠠᠩ᠂ ᠡᠮ ᠡᠮᠨᠡᠯᠭᠡ᠂ ᠰᠣᠷᠭᠠᠨ ᠭᠦᠮᠦᠵᠢᠯ ᠵᠡᠷᠭᠡ ᠡᠯ᠎ᠡ ᠠᠵᠢᠯ ᠲᠦᠷᠦᠯ ᠤᠨ ᠴᠢᠳᠠᠪᠦᠷᠢᠳᠠᠨ ᠢ 317 ᠭᠦᠮᠦᠨ ᠢ ᠵᠣᠬᠢᠶᠠᠨ ᠪᠠᠶᠢᠭᠤᠯᠤᠨ᠂ 121 ᠣᠳᠠᠭ᠎ᠠ ᠭᠦᠳᠡᠭᠡ ᠳᠣᠰᠬᠤᠨ ᠳᠤ ᠪᠠᠭᠤᠯᠭᠠᠵᠣ᠂ ᠡᠯ᠎ᠡ ᠲᠦᠷᠦᠯ ᠤᠨ ᠦᠢᠯᠡᠴᠢᠯᠡᠭᠡ ᠦᠷᠨᠢᠭᠦᠯᠦᠭᠰᠡᠨ ᠪᠠᠶᠢᠨ᠎ᠠ᠃      ︽ᠵᠠᠭᠤᠨ ᠳᠣᠰᠬᠠᠢ ᠮᠡᠷᠭᠡᠵᠢᠯᠳᠡᠨ ᠭᠦᠳᠡᠭᠡ ᠳᠣᠰᠬᠤᠨ ᠳᠤ ᠪᠠᠭᠤᠵᠣ ᠣᠯᠠᠨ ᠲᠦᠮᠡᠨ ᠳᠤ ᠦᠢᠯᠡᠴᠢᠯᠡᠭᠦ︾ ᠪᠣᠯ ᠴᠢᠳᠠᠪᠦᠷᠢᠳᠠᠨ ᠤ ᠭᠦᠭᠵᠢᠭᠦᠯᠦᠯᠳᠡ ᠶᠢᠨ ᠲᠦᠯᠦᠪᠵᠢᠭᠦᠯᠭᠡ ᠶᠢ ᠨᠠᠶᠢᠳᠠᠪᠣᠷᠢᠵᠢᠭᠤᠯᠬᠤ ᠴᠢᠬᠤᠯᠠ ᠠᠷᠭ᠎ᠠ ᠪᠣᠯᠬᠤ ᠮᠦᠷᠳᠡᠭᠡᠨ ᠳᠣᠰᠬᠠᠢ ᠮᠡᠷᠭᠡᠵᠢᠯᠳᠡᠨ ᠤ ᠦᠢᠯᠡᠳᠦᠯ ᠢ ᠭᠦᠢᠴᠡᠳ ᠪᠠᠳᠠᠷᠠᠭᠤᠯᠵᠣ᠂ ᠴᠢᠳᠠᠪᠦᠷᠢᠳᠠᠨ ᠪᠠ ᠭᠦᠳᠡᠭᠡ ᠳᠣᠰᠬᠤᠨ ᠢ ᠬᠤᠯᠪᠣᠵᠣ᠂ ᠴᠢᠳᠠᠪᠦᠷᠢᠳᠠᠨ ᠤ ᠣᠶᠣᠨ ᠪᠢᠯᠢᠭ ᠢ ᠦᠢᠯᠡᠳᠪᠦᠷᠢᠯᠡᠯ ᠤᠨ ᠭᠦᠴᠦᠨ ᠪᠣᠯᠭᠠᠨ ᠬᠤᠪᠢᠷᠠᠭᠤᠯᠬᠤ ᠪᠣᠳᠠᠳᠣ ᠠᠷᠭ᠎ᠠ ᠠᠪᠴᠠᠯ ᠪᠤᠯᠤᠨ᠎ᠠ᠃      ᠳᠣᠰᠬᠠᠢ ᠮᠡᠷᠭᠡᠵᠢᠯᠳᠡᠨ ᠤ ᠦᠢᠯᠡᠴᠢᠯᠡᠭᠡᠨ ᠤ ᠪᠦᠯᠭᠦᠮ ᠪᠠᠶᠢᠭᠤᠯᠪᠠ᠃ ᠮᠠᠨ ᠤ ᠬᠤᠰᠢᠭᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠠ ᠮᠡᠷᠭᠡᠵᠢᠯ ᠢ ᠲᠦᠭᠡᠮᠡᠯᠵᠢᠭᠦᠯᠭᠦ ᠪᠠ ᠪᠣᠯᠪᠠᠰᠣᠷᠠᠯ ᠢ ᠴᠢᠩᠭᠠᠳᠬᠠᠵᠣ᠂ ᠬᠤᠰᠢᠭᠤᠨ ᠤ ᠪᠠᠨ ᠮᠠᠯ ᠠᠵᠤ ᠠᠬᠤᠢ ᠲᠠᠷᠢᠶᠠᠯᠠᠩ ᠢ ᠣᠯᠠᠮ ᠨᠢᠭᠡ ᠠᠯᠬᠤᠮ ᠭᠦᠭᠵᠢᠭᠦᠯᠭᠦ ᠡᠭᠦᠳᠡᠨ ᠠᠴᠠ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠠ ᠮᠡᠷᠭᠡᠵᠢᠯ ᠤᠨ ᠵᠢᠱᠢᠶᠡᠴᠢ ᠡᠷᠦᠭᠡ ᠶᠢ 620 ᠭᠦᠮᠦᠵᠢᠭᠦᠯᠵᠦ᠂ 70 ᠮᠡᠷᠭᠡᠵᠢᠯ ᠤᠨ ᠵᠢᠭᠠᠨ ᠵᠢᠯᠣᠭᠤᠳᠣᠭᠴᠢ ᠪᠠ 6 ᠳᠣᠰᠬᠠᠢ ᠮᠡᠷᠭᠡᠵᠢᠯᠳᠡᠨ ᠢ ᠰᠣᠩᠭᠤᠨ ᠳᠣᠰᠬᠠᠢ ᠮᠡᠷᠭᠡᠵᠢᠯᠳᠡᠨ ᠤ ᠳᠣᠭᠤᠶᠢᠯᠠᠩ ᠪᠠᠶᠢᠭᠤᠯᠵᠣ᠂ ᠰᠢᠨᠵᠢᠯᠡᠬᠦ ᠤᠬᠠᠭᠠᠠ ᠮᠡᠷᠭᠡᠵᠢᠯ ᠢ ᠲᠦᠭᠡᠮᠡᠯᠵᠢᠭᠦᠯᠬᠦ ᠲᠦᠯᠦᠪᠵᠢᠭᠦᠯᠭᠡ ᠳᠣᠭᠳᠠᠭᠠᠬᠤ ᠪᠠ ᠬᠡᠷᠡᠭᠵᠢᠭᠦᠯᠭᠦ ᠠᠵᠢᠯ ᠢ ᠬᠠᠮᠢᠶᠠᠷᠤᠭᠤᠯᠵᠥ᠂ ᠣᠷᠢᠳ ᠬᠤᠵᠢᠳ ᠮᠠᠯ ᠠᠵᠤ ᠠᠬᠤᠢ ᠲᠠᠷᠢᠶᠠᠯᠠᠩ ᠤᠨ ᠬᠡᠷᠡᠭᠯᠡᠭᠡᠨ ᠤ ᠴᠢᠳᠠᠪᠦᠷᠢᠳᠠᠨ ᠤ ᠪᠣᠯᠪᠠᠰᠣᠷᠠᠯ ᠤᠨ ᠠᠩᠭᠢ ᠶᠢ 50 ᠬᠤᠭᠤᠴᠠᠭ᠎ᠠ ᠡᠷᠬᠢᠯᠡᠭᠰᠡᠨ ᠪᠠᠶᠢᠨ᠎ᠠ᠃      ᠳᠣᠰᠬᠠᠢ ᠮᠡᠷᠭᠡᠵᠢᠯᠳᠡᠨ ᠤ ᠦᠢᠯᠡᠴᠢᠯᠡᠭᠡᠨ ᠤ ᠰᠠᠭᠤᠷᠢᠨ ᠪᠠᠶᠢᠭᠤᠯᠪᠠ᠃ ᠰᠢᠷᠬᠤᠰᠣᠨ ᠪᠠᠯᠭᠠᠰᠣᠨ ᠤ ᠸᠠᠩ ᠶᠣᠣ ᠸᠠᠨ ᠳᠣᠰᠬᠤᠨ ᠳᠤ ᠮᠠᠯ ᠠᠵᠤ ᠠᠬᠤᠢ ᠲᠠᠷᠢᠶᠠᠯᠠᠩ ᠤᠨ ᠲᠣᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠪᠠᠶᠢᠭᠤᠯᠵᠣ᠂ ᠶᠡᠭᠡ ᠲᠡᠭᠡᠳᠦ ᠰᠣᠷᠭᠠᠭᠤᠯᠢ ᠶᠢᠨ ᠮᠠᠯ ᠠᠵᠤ ᠠᠬᠤᠢ ᠲᠠᠷᠢᠶᠠᠯᠠᠩ ᠤᠨ ᠳᠣᠰᠬᠠᠢ ᠮᠡᠷᠭᠡᠵᠢᠯᠳᠡᠨ ᠪᠠ ᠬᠤᠳᠠ ᠬᠤᠰᠢᠭᠤ ᠬᠤᠶᠠᠷ ᠱᠠᠲᠣᠨ ᠤ ᠳᠣᠰᠬᠠᠢ ᠮᠡᠷᠭᠡᠵᠢᠯᠳᠡᠨ ᠢ ᠣᠷᠢᠨ ᠲᠡᠷᠢᠵᠥ ᠲᠡᠵᠢᠬᠡᠬᠦ ᠬᠡᠷᠡᠭᠯᠡᠬᠡᠡ ᠤ ᠮᠡᠷᠭᠡᠵᠢᠯ ᠤᠨ ᠪᠣᠯᠪᠠᠰᠣᠷᠠᠯ ᠪᠠ ᠳᠣᠬᠠᠢ ᠶᠢᠨ ᠲᠠᠯᠠᠪᠠᠢ ᠳᠤ ᠵᠢᠭᠠᠨ ᠵᠢᠯᠣᠭᠤᠳᠣᠯᠭ᠎ᠠ ᠬᠢᠵᠦ᠂ ᠰᠢᠨᠵᠢᠯᠡᠬᠦ ᠤᠬᠠᠭᠠᠠ ᠮᠡᠷᠭᠡᠵᠢᠯ ᠤᠨ ᠬᠡᠷᠡᠭᠯᠡᠭᠡᠨ ᠤ ᠴᠢᠳᠠᠪᠣᠷᠢᠳᠠᠨ ᠤ ᠭᠦᠮᠦᠵᠢᠯ ᠢ ᠣᠯᠠᠮ ᠨᠢᠭᠡ ᠠᠯᠬᠤᠮ ᠴᠢᠩᠭᠠᠳᠬᠠᠬᠰᠠᠨ ᠪᠠᠶᠢᠨ᠎ᠠ᠃      ᠦᠢᠯᠡᠴᠢᠯᠡᠭᠡᠨ ᠤ ᠲᠣᠭᠳᠠᠯᠴᠠᠭ᠎ᠠ ᠪᠠᠶᠢᠭᠤᠯᠪᠠ᠃ ᠮᠠᠨ ᠤ ᠬᠤᠰᠢᠭᠤ ᠳᠣᠰᠬᠠᠢ ᠮᠡᠷᠭᠡᠵᠢᠯᠳᠡᠨ ᠤ ᠭᠦᠳᠡᠭᠡ ᠳᠣᠰᠬᠤᠨ ᠳᠤ ᠨᠡᠩ ᠰᠠᠶᠢᠨ ᠦᠢᠯᠡᠴᠢᠯᠡᠭᠦ ᠶᠢ ᠪᠠᠳᠣᠯᠠᠬᠤ ᠡᠭᠦᠳᠡᠨ ᠠᠴᠠ ︽ᠵᠠᠭᠤᠨ ᠳᠣᠰᠬᠠᠢ ᠮᠡᠷᠭᠡᠵᠢᠯᠳᠡᠨ ᠭᠦᠳᠡᠭᠡ ᠳᠣᠰᠬᠤᠨ ᠳᠤ ᠪᠠᠭᠤᠵᠥ ᠤᠯᠠᠠ ᠲᠦᠮᠡᠡ ᠳᠤ ᠦᠢᠯᠡᠴᠢᠯᠡᠭᠦ ᠠᠵᠢᠯᠯᠠᠭ᠎ᠠ ᠶᠢ ᠭᠡᠷᠡᠭᠵᠢᠭᠦᠯᠭᠦ ᠲᠦᠰᠦᠯ︾ ᠳᠣᠭᠳᠠᠭᠠᠵᠣ᠂ ᠳᠣᠰᠬᠠᠢ ᠮᠡᠷᠭᠡᠵᠢᠯᠳᠡᠳ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠭᠦᠳᠡᠭᠡ ᠳᠣᠰᠬᠤᠨ᠂ ᠡᠮ ᠡᠮᠨᠡᠯᠭᠡ᠂ ᠰᠣᠶᠣᠯ ᠰᠣᠷᠭᠠᠨ ᠭᠦᠮᠦᠵᠢᠯ᠂ ᠳᠣᠮᠳᠠ ᠵᠢᠵᠢᠭ ᠠᠵᠣ ᠠᠬᠤᠶᠢᠯᠠᠯ ᠤᠨ ᠭᠦᠷᠢᠶ᠎ᠡ ᠬᠡᠪᠴᠢᠶᠡᠨ ᠳᠤ ᠡᠯ᠎ᠡ ᠲᠦᠷᠦᠯ ᠤᠨ ᠦᠢᠯᠡᠴᠢᠯᠡᠭᠡ ᠬᠠᠩᠭᠠᠬᠤ ᠪᠣᠳᠠᠳᠣ ᠠᠷᠭ᠎ᠠ ᠬᠡᠯᠪᠡᠷᠢ ᠶᠢ ᠳᠣᠭᠳᠠᠭᠠᠵᠣ ᠲᠦᠷᠦ ᠶᠢᠨ ᠪᠣᠳᠣᠯᠭ᠎ᠠ ᠶᠢᠨ ᠪᠠᠳᠣᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号