ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠣᠯᠠᠭᠴᠢ ᠳᠠᠷᠤᠭ᠎ᠠ ᠵᠤᠤ ᠹᠸᠢ ᠯᠦ ᠪᠡᠭᠡᠵᠢᠩ ᠤᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2018-12-03
     
     11 ᠰᠠᠷ᠎ᠠ ᠶᠢᠨ 30 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠣᠯᠠᠭᠴᠢ ᠳᠠᠷᠤᠭ᠎ᠠ ᠵᠤᠤ ᠹᠸᠢ ᠯᠦ ᠪᠡᠭᠡᠵᠢᠩ ᠤᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠦᠷᠦᠯ ᠵᠦᠢᠯ ᠤᠨ ᠬᠠᠮᠲᠤᠷᠠᠯᠴᠠᠭᠠᠨ ᠤ ᠲᠤᠬᠠᠢ ᠬᠠᠮᠢᠶ᠎ᠠ ᠪᠦᠬᠦᠢ ᠶᠠᠪᠤᠳᠠᠯ ᠢ ᠵᠦᠪᠲᠡᠯᠴᠡᠪᠡ᠃      ᠬᠤᠷᠠᠯ ᠳᠡᠭᠡᠷ᠎ᠡ᠂ ᠪᠡᠭᠡᠵᠢᠩ ᠤᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠪᠦᠸᠧ᠂ ᠪᠡᠭᠡᠵᠢᠩ ᠤᠨ ᠱᠸᠦ ᠹᠠ ᠪᠡᠯᠡ ᠤᠷᠤᠭᠤᠯᠤᠯᠲᠠ ᠶᠢ ᠡᠷᠬᠡᠰᠢᠶᠡᠬᠦ ᠬᠢᠵᠠᠭᠠᠷᠲᠦ ᠺᠤᠮᠫᠠᠨᠢ ᠶᠢᠨ ᠱᠦᠵᠢ ᠬᠡᠷᠡᠭ ᠮᠡᠳᠡᠭᠴᠢᠳ ᠶᠢᠨ ᠳᠠᠷᠤᠭ᠎ᠠ ᠶᠡᠷᠦᠩᠬᠡᠢ ᠳᠠᠭᠠᠭᠠᠮᠠᠯ ᠶᠠᠩ ᠯᠢ ᠲᠤᠰ ᠲᠤᠰ ᠤᠨ ᠪᠦᠯᠦᠭᠯᠡᠯ ᠺᠤᠮᠫᠠᠨᠢ ᠶᠢᠨ ᠬᠦᠭᠵᠢᠯᠲᠡ ᠶᠢᠨ ᠶᠠᠪᠤᠴᠠ᠂ ᠦᠨᠳᠦᠰᠦᠨ ᠪᠠᠶᠢᠳᠠᠯ ᠪᠤᠯᠤᠨ ᠠᠵᠢᠯ ᠦᠢᠯᠡᠰ ᠤᠨ ᠬᠦᠷᠢᠶ᠎ᠡ ᠬᠡᠪᠴᠢᠶᠡᠨ ᠤ ᠪᠠᠶᠢᠳᠠᠯ ᠢᠶᠠᠨ ᠳᠦᠭᠦᠮ ᠲᠠᠨᠢᠯᠴᠠᠭᠤᠯᠪᠠ᠃      ᠡᠷᠳᠡᠨᠢᠪᠢᠯᠢᠭ ᠸᠠᠩ ᠪᠦᠸᠧ ᠨᠠᠷ ᠤᠨ ᠬᠦᠷᠦᠯᠴᠠᠨ ᠢᠷᠡᠭᠰᠡᠨ ᠳᠤ ᠪᠠᠶᠠᠷᠯᠠᠨ ᠤᠭᠲᠤᠵᠤ ᠪᠠᠶᠢᠭ᠎ᠠ ᠪᠠᠨ ᠢᠯᠡᠷᠭᠡᠶᠢᠯᠡᠬᠦ ᠶᠢᠨ ᠬᠠᠮᠲᠦ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠪᠠ᠃ ᠡᠷᠳᠡᠨᠢᠪᠢᠯᠢᠭ ᠬᠡᠯᠡᠬᠦ ᠳᠤ ᠪᠠᠨ᠂ ᠦᠦᠰᠢᠨ ᠬᠤᠰᠢᠭᠤ ᠦᠪᠦᠷ ᠮᠤᠩᠭᠤᠯ᠂ ᠱᠠᠨᠰᠢ᠂ ᠨᠢᠩᠰᠢᠶᠠ ᠶᠢᠨ ᠡᠨᠧᠷᠬᠢ ᠶᠢᠨ ᠡᠬᠢ ᠰᠤᠷᠪᠤᠯᠵᠢ ᠶᠢᠨ ᠤᠷᠤᠨ ᠪᠦᠰᠡ ᠶᠢᠨ ᠭᠤᠣᠯ ᠭᠡᠰᠡᠭ ᠲᠤ ᠪᠠᠶᠢᠷᠢᠰᠢᠵᠤ᠂ ᠦᠪᠦᠷ ᠮᠤᠩᠭᠤᠯ ᠤᠨ ᠪᠠᠷᠠᠭᠤᠨ ᠭᠡᠰᠡᠭ ᠠᠴᠠ ᠳᠤᠮᠳᠠᠳᠤ ᠤᠷᠤᠨ ᠬᠦᠷᠬᠦ ᠲᠡᠮᠦᠷ ᠵᠠᠮ ᠤᠨ ᠡᠬᠢᠯᠡᠯᠲᠡ ᠶᠢᠨ ᠴᠡᠭ ᠪᠤᠯᠤᠭᠰᠠᠨ ᠤ ᠬᠤᠪᠢ ᠳᠤ ᠡᠬᠢ ᠪᠠᠶᠠᠯᠢᠭ ᠡᠯᠪᠡᠭ ᠳᠡᠯᠪᠡᠭ ᠪᠠᠶᠢᠵᠤ ᠪᠦᠬᠦ ᠤᠯᠤᠰ ᠲᠤ ᠬᠠᠨᠳᠤᠭᠰᠠᠨ ᠴᠡᠪᠡᠷ ᠡᠨᠧᠷᠬᠢ ᠶᠢ ᠭᠠᠲᠠᠭᠰᠢ ᠵᠦᠭᠡᠭᠡᠪᠦᠷᠢᠯᠡᠬᠦ ᠰᠠᠭᠤᠷᠢᠨ ᠭᠠᠵᠠᠷ ᠪᠤᠯᠬᠤ ᠮᠦᠷᠲᠡᠭᠡᠨ ᠤᠳᠤᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠠᠭᠤᠷᠢᠶᠠᠯ ᠦᠵᠡᠬᠦᠯᠬᠦ ᠴᠢᠬᠤᠯᠠ ᠰᠠᠭᠤᠷᠢᠨ ᠭᠠᠵᠠᠷ ᠪᠠᠶᠢᠵᠤ᠂ ᠠᠵᠤ ᠠᠬᠤᠢ ᠨᠡᠶᠢᠭᠡᠮ ᠤᠨ ᠲᠦᠷᠭᠡᠨ ᠭᠦᠭᠵᠢᠯᠲᠡ ᠶᠢᠨ ᠱᠠᠲᠤᠨ ᠳᠤ ᠪᠠᠨ ᠪᠠᠶᠢᠭ᠎ᠠ ᠶᠤᠮ᠃ ᠤᠳᠤᠬᠠᠨ ᠳᠤ᠂ ᠦᠦᠰᠢᠨ ᠬᠤᠰᠢᠭᠤ ᠨᠢ ᠶᠠᠭ ᠰᠠᠶᠢᠬᠠᠨ ᠬᠦᠭᠵᠢᠯᠲᠡ ᠶᠢᠨ ᠲᠠᠯ᠎ᠠ ᠪᠠᠷ ᠬᠢ ᠳᠤᠲᠠᠭᠤᠳᠠᠯ ᠪᠠᠨ ᠨᠦᠬᠦᠪᠦᠷᠢᠯᠡᠵᠤ᠂ ᠮᠤᠵᠢ ᠶᠢᠨ ᠳᠡᠰ ᠤᠨ ︽ᠨᠡᠪᠲᠡᠷᠡᠭᠡ ᠦᠭᠡᠢ ᠵᠠᠮ︾ ᠢ ᠨᠡᠪᠲᠡᠷᠡᠭᠦᠯᠦᠨ᠂ ᠭᠦᠷᠰᠢ ᠵᠡᠷᠭᠡᠯᠡᠳᠡᠭᠡ ᠬᠤᠰᠢᠭᠤ ᠰᠢᠶᠠᠨ ᠲᠠᠢ ︽ᠨᠢᠭᠡ ᠴᠠᠭ︾ ᠤᠨ ᠠᠵᠤ ᠠᠬᠤᠢ ᠶᠢᠨ ᠲᠤᠭᠤᠷᠢᠭ ᠢ ᠪᠠᠶᠢᠭᠤᠯᠵᠤ᠂ ᠤᠷᠤᠨ ᠨᠤᠲᠤᠭ  ᠤᠨ ᠴᠢᠨᠠᠷᠲᠠᠢ ᠪᠤᠳᠠᠰ ᠤᠨ ᠬᠦᠢᠯᠭᠡᠭᠡᠨ ᠢ ᠲᠦᠪᠯᠡᠷᠡᠭᠦᠯᠵᠤ ᠲᠠᠷᠬᠠᠭᠠᠬᠤ ᠲᠥᠪ ᠢ ᠪᠠᠶᠢᠭᠤᠯᠬᠤ ᠪᠠᠷ ᠴᠢᠷᠮᠠᠶᠢᠵᠤ ᠪᠠᠶᠢᠭ᠎ᠠ ᠶᠤᠮ᠃ ᠬᠦᠰᠡᠬᠦ ᠨᠢ ᠠᠵᠤ ᠠᠬᠤᠶᠢᠯᠠᠯ ᠤᠨ ᠬᠢᠨ ᠦᠦᠰᠢᠨ ᠬᠤᠰᠢᠭᠤᠨ ᠤ ᠬᠦᠭᠵᠢᠯᠲᠡ ᠶᠢ ᠨᠡᠩ ᠬᠦᠨᠵᠡᠭᠡᠢ ᠤᠶᠢᠯᠠᠭᠠᠵᠤ᠂ ᠲᠦᠷᠦᠯ ᠵᠦᠢᠯ ᠤᠨ ᠬᠦᠭᠵᠢᠯᠲᠡ ᠶᠢᠨ ᠳᠠᠯᠳᠠ ᠬᠦᠴᠦᠨ ᠢ ᠠᠭᠤᠲᠠᠯᠠᠨ᠂ ᠦᠦᠰᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠢᠳᠡᠪᠬᠢᠲᠠᠢ ᠤᠷᠤᠯᠴᠠᠵᠤ᠂ ᠬᠤᠶᠠᠷ ᠲᠠᠯ᠎ᠠ ᠶᠢᠨ ᠬᠠᠮᠲᠦ ᠶᠢᠨ ᠴᠢᠷᠮᠠᠶᠢᠯᠭ᠎ᠠ ᠪᠠᠷ ᠳᠠᠮᠵᠢᠨ ᠲᠦᠷᠦᠯ ᠵᠦᠢᠯ ᠢ ᠡᠷᠲᠡᠬᠡᠨ ᠲᠤᠭᠤᠰᠢᠯᠠᠭᠤᠯᠤᠨ᠂ ᠡᠴᠦᠰ ᠲᠤ ᠪᠠᠨ ᠬᠠᠷᠢᠯᠴᠠᠨ ᠠᠰᠢᠭ ᠬᠦᠷᠲᠡᠨ ᠬᠠᠮᠲᠤᠪᠠᠷ ᠠᠮᠵᠢᠯᠲᠠ ᠣᠯᠬᠤ ᠪᠠᠷ ᠴᠢᠷᠮᠠᠶᠢᠵᠤ᠂ ᠦᠦᠰᠢᠨ ᠬᠤᠰᠢᠭᠤ ᠴᠦ ᠯᠠᠪᠲᠠᠢ ᠪᠦᠬᠦ ᠬᠦᠴᠦᠨ ᠢᠶᠠᠷ ᠢᠶᠠᠨ ᠰᠢᠯᠢᠳᠡᠭ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠤᠨ ᠬᠢᠨ ᠳᠤ ᠰᠢᠯᠢᠳᠡᠭ ᠰᠠᠶᠢᠨ ᠪᠡᠯᠡ ᠤᠷᠤᠭᠤᠯᠤᠯᠲᠠ ᠪᠦᠲᠦᠭᠡᠨ ᠪᠠᠶᠢᠭᠤᠯᠤᠯᠲᠠ ᠶᠢᠨ ᠣᠷᠴᠢᠨ ᠢ ᠬᠠᠩᠭᠠᠬᠤ ᠶᠤᠮ ᠭᠡᠪᠡ᠃      ᠬᠤᠷᠠᠯ ᠳᠡᠭᠡᠷ᠎ᠡ᠂ ᠬᠤᠷᠠᠯ ᠳᠤ ᠤᠷᠤᠯᠴᠠᠭᠰᠠᠳ ᠲᠦᠷᠦᠯ ᠵᠦᠢᠯ ᠤᠨ ᠬᠠᠮᠲᠤᠷᠠᠯᠴᠠᠭᠠᠨ ᠤ ᠲᠤᠬᠠᠢ ᠬᠠᠮᠢᠶ᠎ᠠ ᠪᠦᠬᠦᠢ ᠶᠠᠪᠤᠳᠠᠯ ᠤᠳ ᠢ ᠰᠤᠳᠤᠯᠤᠨ ᠶᠠᠷᠢᠯᠴᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠲᠡᠳ᠋ ᠲᠠᠷᠤᠭ᠎ᠠ ᠡᠳ᠋ ᠤᠨ ᠵᠠᠰᠠᠭ ᠤᠨ ᠲᠤᠪᠴᠢᠶᠠᠨ ᠤ ᠲᠠᠷᠤᠭ᠎ᠠ ᠪᠡᠶᠠᠠᠴᠡᠩᠬᠡᠯ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠳᠤᠪᠴᠢᠶ᠎ᠠ᠂ ᠬᠠᠤᠯᠢ ᠳᠦᠷᠢᠮ ᠤᠨ ᠠᠯᠪᠠᠨ ᠭᠡᠷ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号