ᠪᠤᠳᠠᠰ ᠤᠨ ᠪᠤᠰᠤ ᠰᠤᠶᠤᠯ ᠤᠨ ᠦᠪ ᠪᠤᠯ ᠠᠵᠢᠯᠴᠢ ᠪᠤᠷᠤᠭᠵᠢᠭᠤᠨ ᠠᠷᠠᠳ ᠲᠦᠮᠡᠨ ᠤ ᠦᠶ᠎ᠡ ᠤᠯᠠᠷᠢᠨ | ᠬᠠᠮᠠᠭᠠᠯᠠᠨ ᠬᠦᠭᠵᠢᠭᠦᠯᠵᠦ ᠢᠷᠡᠭᠰᠡᠨ ᠰᠤᠶᠤᠯ ᠤᠨ ᠰᠤᠳᠤᠨ ᠬᠦᠷᠲᠡᠭᠡᠯ ᠪᠤᠯᠬᠤ ᠶᠤᠮ᠃ ᠤᠶᠢᠷ᠎ᠠ ᠶᠢᠨ ᠡᠳᠤᠷ᠂ | ᠪᠤᠳᠠᠰ ᠤᠨ ᠪᠤᠰᠤ ᠰᠤᠶᠤᠯ ᠤᠨ ᠦᠪ ᠢ ᠬᠢᠴᠢᠶᠡᠯ ᠤᠨ ᠲᠢᠩᠬᠢᠮ ᠳᠤ ᠬᠦᠷᠭᠡᠬᠦ ᠠᠵᠢᠯᠯᠠᠭ᠎ᠠ ᠬᠤᠳᠠ ᠶᠢᠨ ᠮᠤᠩᠭᠤᠯ | ᠦᠨᠳᠦᠰᠦᠲᠡᠨ ᠤ ᠬᠤᠶᠠᠳᠤᠭᠠᠷ ᠲᠤᠮᠲᠠᠲᠦ ᠰᠤᠷᠭᠠᠭᠤᠯᠢ ᠳᠤ ᠶᠠᠪᠤᠭᠳᠠᠵᠤ᠂ ᠪᠤᠳᠠᠰ ᠤᠨ ᠪᠤᠰᠤ ᠰᠤᠶᠤᠯ ᠤᠨ ᠦᠪ | ᠤᠨ ᠤᠯᠠᠮᠵᠢᠯᠠᠭᠴᠢ ᠶᠢ ᠤᠷᠢᠵᠤ ᠰᠤᠷᠤᠭᠴᠢᠳ ᠲᠤ ᠬᠠᠳᠬᠤᠮᠠᠯ᠂ ᠪᠤᠷᠭᠠᠰᠤᠨ ᠬᠦᠷᠦᠮᠡᠯ ᠵᠡᠷᠭᠡ ᠶᠢᠨ ᠪᠦᠲᠦᠭᠡᠯ ᠢ | ᠤᠷᠠᠯᠠᠵᠤ ᠬᠢᠬᠦ ᠮᠡᠷᠭᠡᠵᠢᠯ ᠢ ᠵᠢᠭᠠᠵᠤ ᠰᠤᠷᠤᠭᠴᠢᠳ ᠤᠨ ᠤᠷᠮ᠎ᠠ ᠪᠠᠬ᠎ᠠ ᠤᠶᠤᠨ ᠤᠬᠠᠭᠠᠨ ᠢ ᠲᠡᠯᠡᠬᠦ ᠰᠠᠶᠢᠬᠠᠨ | ᠲᠤᠬᠢᠶᠠᠯ ᠪᠤᠯᠤᠭᠰᠠᠨ ᠪᠠᠶᠢᠨ᠎ᠠ᠃ | ᠮᠠᠨ ᠤ ᠬᠤᠰᠢᠭᠤ ᠦᠩᠭᠡᠷᠡᠭᠰᠡᠨ ᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠢ | ᠤᠷᠢᠨ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠨᠢᠷᠬᠠᠯᠲᠦ ᠬᠢᠴᠢᠶᠡᠯ ᠤᠷᠤᠭᠤᠯᠵᠦ ᠪᠠᠶᠢᠭᠰᠠᠨ ᠪᠤᠯ | ᠤᠶᠢᠷ᠎ᠠ ᠳᠤ ᠰᠤᠷᠤᠭᠴᠢᠳ ᠤᠨ ᠭᠠᠷ ᠬᠦᠳᠡᠯᠵᠦ ᠬᠢᠬᠦ ᠲᠠᠯ᠎ᠠ ᠶᠢ ᠪᠤᠲᠤᠯᠬᠢᠯᠠᠨ ᠭᠠᠷ ᠤᠷᠠᠯᠠᠯ ᠤᠨ ᠬᠠᠮᠢᠶ᠎ᠠ ᠪᠦᠬᠦᠢ | ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢᠳ ᠢ ᠵᠤᠬᠢᠶᠠᠨ ᠪᠠᠶᠢᠭᠤᠯᠤᠨ ᠬᠤᠳᠠ ᠶᠢᠨ ᠮᠤᠩᠭᠤᠯ | ᠦᠨᠳᠦᠰᠦᠲᠡᠨ ᠤ ᠬᠤᠶᠠᠳᠤᠭᠠᠷ ᠲᠤᠮᠲᠠᠲᠦ ᠰᠤᠷᠭᠠᠭᠤᠯᠢ ᠳᠤ ᠲᠤᠰᠬᠠᠢ ᠬᠢᠴᠢᠶᠡᠯ ᠬᠦᠮᠦᠵᠢᠯ ᠬᠢᠬᠦ ᠪᠠᠷ ᠪᠤᠯᠵᠠᠢ᠃ | ᠡᠶᠢᠮᠦᠷᠬᠦ ᠬᠢᠴᠢᠶᠡᠯᠯᠡᠭᠡ ᠨᠢ ᠰᠤᠷᠤᠭᠴᠢᠳ ᠲᠤ ᠦᠨᠳᠦᠰᠦᠲᠡᠨ ᠤ ᠪᠠᠨ ᠤᠯᠠᠮᠵᠢᠯᠠᠯᠲᠦ ᠰᠤᠶᠤᠯ ᠢ ᠬᠦᠨᠵᠡᠭᠡᠢ | ᠤᠶᠢᠯᠠᠭᠠᠭᠤᠯᠵᠦ ᠪᠤᠳᠠᠰ ᠤᠨ ᠪᠤᠰᠤ ᠰᠤᠶᠤᠯ ᠤᠨ ᠦᠪ ᠤᠨ ᠬᠤᠶᠢᠴᠢ ᠦᠶ᠎ᠡ ᠶᠢᠨ ᠦᠪᠯᠡᠨ ᠤᠯᠠᠮᠵᠢᠯᠠᠭᠴᠢ ᠶᠢ | ᠬᠦᠮᠤᠵᠢᠭᠦᠯᠬᠦ ᠳᠤ ᠴᠢᠬᠤᠯᠠ ᠰᠠᠭᠤᠷᠢ ᠶᠢ ᠲᠠᠯᠪᠢᠬᠤ ᠪᠠᠷ ᠴᠢᠷᠮᠠᠶᠢᠵᠤ ᠪᠠᠶᠢᠨ᠎ᠠ᠃ | |