ᠰᠢ ᠶᠢᠨ ᠫᠢᠩ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠳᠦᠷᠦᠬᠦᠴᠦᠳ ᠤᠨ ᠬᠤᠷᠠᠯ ᠳᠤ ᠦᠷᠬᠦᠯᠵᠢᠯᠡᠨ ᠤᠷᠤᠯᠴᠠᠪᠠ
ᠨᠡᠶᠢᠲᠡᠯᠡᠭᠰᠡᠨ ᠴᠠᠭ᠄
2018-12-03
     ᠰᠢᠨᠬᠤᠸᠠ ᠬᠤᠷᠢᠶᠠᠨ ᠤ ᠪᠦᠶᠧᠨᠤᠰ ᠠᠶᠢᠷᠧᠰ ᠤᠨ 12 ᠰᠠᠷ᠎ᠠ ᠶᠢᠨ 1 ᠤ ᠴᠠᠬᠢᠯᠭᠠᠨ ᠮᠡᠳᠡᠭᠡ ᠳᠤᠬᠠᠢ ᠶᠢᠨ ᠭᠠᠵᠠᠷ ᠤᠨ ᠴᠠᠬ ᠢᠶᠠᠷ 11 ᠰᠠᠷ᠎ᠠ ᠶᠢᠨ 30 ᠤ ᠦᠳᠡ ᠶᠢᠨ ᠬᠤᠶᠢᠨ᠎ᠠ ᠪᠠ 12 ᠰᠠᠷ᠎ᠠ ᠶᠢᠨ 1 ᠤ ᠦᠳᠡ ᠶᠢᠨ ᠡᠮᠤᠨ᠎ᠡ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠳᠦᠷᠦᠬᠦᠴᠦᠳ ᠤᠨ ᠬᠤᠷᠠᠯ ᠠᠷᠭᠧᠨ᠋ᠲ᠋ᠢᠨ ᠤ ᠪᠦᠶᠧᠨᠤᠰ ᠠᠶᠢᠷᠧᠰ ᠲᠤ ᠦᠷᠬᠦᠯᠵᠢᠯᠡᠨ ᠶᠠᠪᠤᠬᠳᠠᠵᠠᠢ᠃ ᠤᠯᠤᠰ ᠤᠨ ᠳᠡᠷᠢᠬᠦᠯᠡᠭᠴᠢ ᠰᠢ ᠶᠢᠨ ᠫᠢᠩ ᠤᠷᠤᠯᠴᠠᠪᠠ᠃      ᠠᠷᠠᠯᠵᠢᠶᠠᠨ ᠤ ᠠᠰᠠᠭᠤᠳᠠᠯ ᠢ ᠶᠠᠷᠢᠯᠴᠠᠬᠤ ᠦᠶᠡᠰ ᠰᠢ ᠶᠢᠨ ᠫᠢᠩ᠂ ᠡᠩ ᠳᠡᠷᠢᠬᠦᠨ ᠳᠤ᠂ ᠬᠤᠷᠢᠨ ᠤᠯᠤᠰ ᠤᠨ ᠪᠦᠯᠦᠭᠯᠡᠯ ᠤᠨ ᠡᠯ᠎ᠡ ᠪᠦᠷᠢᠯᠳᠦᠬᠦᠨ ᠨᠡᠬᠡᠬᠡᠯᠳᠡ ᠬᠢᠬᠦ ᠤᠳᠤᠷᠢᠳᠤᠮᠵᠢ ᠶᠢ ᠪᠠᠷᠢᠮᠳᠠᠯᠠᠵᠥ᠂ ᠴᠢᠯᠤᠬᠡᠳᠤ ᠠᠷᠠᠯᠵᠢᠶᠠᠨ ᠤ ᠦᠢᠯᠠᠭᠠᠬᠳᠠᠬᠤᠨ ᠢ ᠪᠠᠷᠢᠮᠳᠠᠯᠠᠨ᠂ ᠵᠠᠬ᠎ᠠ ᠳᠡᠯᠬᠡᠬᠦᠷ ᠤᠨ ᠨᠡᠬᠡᠬᠡᠯᠳᠡ ᠬᠢᠬᠦ ᠶᠢ ᠪᠠᠳᠤᠯᠠᠨ ᠦᠷᠬᠡᠳᠬᠡᠵᠥ᠂ ᠪᠠᠶᠢᠬᠤ ᠪᠠ ᠦᠬᠡᠢ ᠪᠠᠨ ᠨᠡᠪᠳᠡᠷᠡᠯᠴᠡᠬᠦᠯᠬᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠶᠠᠪᠤᠴᠠ ᠳᠤ ᠬᠠᠮᠳᠤᠷᠠᠯᠴᠠᠵᠥ ᠬᠠᠮᠳᠤ ᠪᠠᠷ ᠠᠰᠢᠭ ᠬᠦᠷᠳᠡᠬᠦ ᠶᠢ ᠪᠡᠶᠡᠯᠡᠬᠦᠯᠪᠡᠯ ᠵᠤᠬᠢᠨ᠎ᠠ᠃ ᠬᠤᠶᠠᠳᠤᠭᠠᠷ ᠲᠤ᠂ ᠪᠠᠭᠲᠠᠭᠠᠬᠤ ᠤᠳᠤᠷᠢᠳᠤᠮᠵᠢ ᠶᠢ ᠪᠠᠷᠢᠮᠲᠠᠯᠠᠵᠦ᠂ ᠤᠯᠠᠠ ᠤᠯᠤᠰ ᠤᠨ ᠠᠷᠠᠯᠵᠢᠶᠠᠠ ᠤ ᠠᠰᠢᠬ ᠢ ᠬᠠᠮᠲᠤ ᠪᠠᠷ ᠨᠡᠮᠡᠭᠳᠡᠭᠦᠯᠤᠨ᠂ ᠠᠵᠦ ᠠᠬᠤᠢ ᠶᠢᠨ ᠲᠡᠯᠡᠭᠡᠶᠢᠵᠢᠯᠲᠠ ᠪᠠᠷ ᠡᠯ᠎ᠠ ᠤᠯᠤᠰ᠂ ᠡᠯ᠎ᠠ ᠲᠠᠪᠬᠤᠷᠭ᠎ᠠ ᠶᠢᠨ ᠠᠷᠠᠳ ᠲᠦᠮᠡᠡ ᠳᠤ ᠠᠰᠢᠭ ᠬᠦᠷᠲᠡᠭᠡᠪᠡᠯ ᠵᠤᠬᠢᠨ᠎ᠠ᠃ ᠭᠤᠷᠪᠠᠳᠤᠭᠠᠷ ᠲᠤ᠂ ᠲᠦᠷᠢᠮ ᠤᠨ ᠤᠳᠤᠷᠢᠲᠤᠮᠵᠢ ᠶᠢ ᠪᠠᠷᠢᠮᠲᠠᠯᠠᠵᠦ᠂ ᠤᠯᠠᠠ ᠤᠯᠤᠰ ᠤᠨ ᠠᠷᠠᠯᠵᠢᠶᠠᠨ ᠤ ᠡᠷᠡᠭᠦᠯ ᠬᠦᠭᠵᠢᠯᠲᠠ ᠳᠤ ᠲᠤᠭᠲᠠᠭᠤᠨ᠂ ᠵᠢᠱᠢᠨ ᠮᠡᠲᠡᠵᠦ ᠪᠤᠯᠬᠤ ᠲᠦᠷᠢᠮ ᠪᠠ ᠲᠦᠷᠢᠮ ᠤᠨ ᠤᠷᠴᠢᠨ ᠲᠤᠭᠤᠷᠢᠨ ᠢ ᠬᠠᠩᠭᠠᠪᠠᠯ ᠵᠤᠬᠢᠨ᠎ᠠ᠃ ᠬᠤᠷᠢᠨ ᠤᠯᠤᠰ ᠤᠨ ᠪᠦᠯᠦᠭᠯᠡᠯ ᠨᠢ ᠤᠯᠠᠠ ᠤᠯᠤᠰ ᠤᠨ ᠠᠵᠦ ᠠᠬᠤᠢ ᠶᠢᠨ ᠬᠠᠮᠲᠤᠷᠠᠯᠴᠠᠭ᠎ᠠ ᠶᠢᠨ ᠴᠢᠬᠤᠯᠠ ᠶᠠᠷᠢᠶᠠᠠ ᠤ ᠲᠡᠪᠴᠠᠩ ᠪᠤᠯᠤᠭᠰᠠᠠ ᠤ ᠬᠤᠪᠢ ᠳᠤ᠂ ᠠᠰᠢᠭ ᠲᠠᠢ ᠤᠯᠠᠠ ᠤᠯᠤᠰ ᠤᠨ ᠠᠷᠠᠯᠵᠢᠶᠠᠠ ᠤ ᠤᠷᠴᠢᠨ ᠲᠤᠭᠤᠷᠢᠨ ᠢ ᠪᠤᠢ ᠪᠤᠯᠭᠠᠬᠤ ᠲᠠᠯ᠎ᠠ ᠪᠠᠷ ᠤᠯᠤᠰ ᠲᠦᠷᠦ ᠶᠢᠨ ᠲᠠᠭᠠᠭᠤᠯᠬᠤ ᠦᠢᠯᠡᠲᠦᠯ ᠢᠶᠠᠨ ᠪᠠᠲᠠᠷᠠᠭᠤᠯᠵᠦ ᠪᠤᠯᠤᠨ᠎ᠠ ᠬᠡᠵᠥ ᠵᠢᠭᠠᠵᠥ ᠭᠠᠷᠭᠠᠪᠠ᠃      ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠰᠢ ᠶᠢᠨ ᠫᠢᠩ᠂ ᠠᠭᠤᠷ ᠠᠮᠢᠰᠬᠤᠯ ᠤᠨ ᠬᠤᠪᠢᠷᠠᠯᠲᠠ ᠪᠤᠯ ᠬᠦᠮᠦᠨ ᠲᠦᠷᠦᠯᠬᠢᠲᠠᠠ ᠤ ᠠᠯᠤᠰ ᠢᠷᠡᠭᠡᠲᠦᠢ ᠬᠤᠪᠢ ᠵᠠᠶᠠᠭ᠎ᠠ ᠲᠠᠢ ᠬᠤᠯᠪᠤᠭᠲᠠᠬᠤ ᠴᠢᠬᠤᠯᠠ ᠶᠡᠭᠡ ᠦᠷᠢᠰᠦᠯᠲᠦᠭᠡᠡ ᠮᠦᠨ᠂ ᠪᠢᠲᠠ ᠭᠠᠷ ᠬᠤᠯᠪᠤᠯᠴᠠᠠ ᠬᠠᠮᠲᠤ ᠪᠠᠷ ᠠᠷᠭᠠᠴᠠᠭᠠᠬᠤ ᠴᠢᠬᠤᠯᠠᠳᠠᠢ᠃ 11 ᠰᠠᠷ᠎ᠠ ᠶᠢᠨ 30 ᠤ ᠡᠳᠤᠷ᠂ ᠲᠤᠮᠳᠠᠳᠤ ᠤᠯᠤᠰ᠂ ᠹᠷᠠᠨᠼᠢ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠬᠠᠮᠳᠤ ᠪᠠᠷ ᠬᠠᠮᠢᠶ᠎ᠠ ᠪᠦᠬᠦᠢ ᠠᠵᠢᠯᠯᠠᠭ᠎ᠠ ᠶᠠᠪᠤᠭᠤᠯᠵᠥ᠂ ︽ᠫᠠᠷᠢᠰ ᠤᠨ ᠬᠡᠯᠡᠯᠴᠡᠬᠡᠷ︾ ᠢ ᠨᠠᠶᠢᠳᠠᠪᠤᠷᠢᠵᠢᠭᠤᠯᠬᠤ ᠪᠠᠳᠤ ᠴᠢᠩᠭ᠎ᠠ ᠠᠮᠠᠯᠠᠯᠳᠠ ᠶᠢ ᠲᠠᠪᠳᠠᠨ ᠢᠯᠡᠷᠬᠡᠶᠢᠯᠡᠵᠥ᠂ ᠠᠭᠤᠷ ᠠᠮᠢᠰᠬᠤᠯ ᠤᠨ ᠬᠤᠪᠢᠷᠡᠯᠳᠡ ᠶᠢ ᠠᠷᠭᠠᠴᠠᠭᠠᠬᠤ ᠤᠯᠠᠨ ᠤᠯᠤᠰ ᠤᠨ ᠬᠠᠮᠳᠤᠷᠠᠯᠴᠠᠭ᠎ᠠ ᠶᠢ ᠠᠬᠢᠭᠤᠯᠬᠤ ᠴᠢᠩᠭ᠎ᠠ ᠲᠤᠬᠢᠶ᠎ᠠ ᠶᠢ ᠲᠠᠮᠵᠢᠭᠤᠯᠪᠠ᠃ ᠪᠢᠳᠡ ᠦᠷᠬᠦᠯᠵᠢᠯᠡᠨ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠬᠠᠷᠢᠭᠤᠴᠠᠯᠭᠠᠳᠤ ᠰᠡᠳᠬᠢᠯᠬᠡ ᠪᠠᠷ ᠠᠭᠤᠷ ᠠᠮᠢᠰᠬᠤᠯ ᠤᠨ ᠬᠤᠪᠢᠷᠡᠯᠳᠡ ᠶᠢ ᠠᠷᠭᠠᠴᠠᠭᠠᠬᠤ ᠤᠯᠠᠨ ᠤᠯᠤᠰ ᠤᠨ ᠬᠠᠮᠳᠤᠷᠠᠯᠴᠠᠭ᠎ᠠ ᠳᠤ ᠤᠯᠤᠰ ᠲᠦᠷᠦ ᠶᠢᠨ ᠲᠦᠯᠬᠢᠴᠡ ᠬᠦᠴᠦᠨ ᠬᠠᠩᠭᠠᠪᠠᠯ ᠵᠤᠬᠢᠨ᠎ᠠ᠃ ᠡᠯ᠎ᠡ ᠲᠠᠯ᠎ᠠ ᠶᠢᠨ ᠬᠢᠨ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠡᠯᠳᠡ ᠶᠢᠨ ᠪᠦᠳᠦᠬᠦᠪᠴᠢ ᠨᠡᠶᠢᠳᠡ ᠶᠢᠨ ᠬᠡᠷ᠎ᠡ︾ ᠪᠤᠯᠤᠨ ︽ᠫᠠᠷᠢᠰ ᠤᠨ ᠬᠡᠯᠡᠯᠴᠡᠬᠡᠷ︾ ᠲᠠᠬᠢ ᠠᠮᠠᠯᠠᠯᠳᠠ ᠪᠠᠨ ᠲᠡᠷᠡ ᠶᠤᠰᠤᠭᠠᠷ ᠨᠢ ᠬᠦᠢᠴᠡᠳᠬᠡᠵᠥ᠂ 2020 ᠤᠨ ᠠᠴᠠ ᠡᠮᠤᠨᠡᠬᠢ ᠠᠵᠢᠯᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠥ᠂ ᠪᠦᠬᠦ ᠪᠦᠮᠪᠦᠷᠴᠡᠭ ᠢ ᠪᠤᠬᠢᠷᠳᠤᠯ ᠦᠭᠡᠢ ᠲᠤᠤᠷ᠎ᠡ ᠨᠡᠬᠦᠷᠡᠰᠦᠳᠦ᠋ᠷᠦᠭᠴᠢᠳᠤ ᠪᠤᠯᠭᠠᠨ ᠬᠤᠪᠢᠷᠡᠭᠤᠯᠬᠤ ᠶᠢ ᠠᠬᠢᠭᠤᠯᠬᠤ ᠬᠡᠷᠡᠭᠳᠡᠢ᠃ ᠬᠦᠭᠵᠢᠭᠰᠡᠡ ᠤᠯᠤᠰ ᠤᠳ 2020 ᠤᠨ ᠪᠤᠯᠳᠠᠯ᠎ᠠ ᠵᠢᠯ ᠪᠤᠯᠭᠠᠨ 1000 ᠳ᠋ᠦᠩᠰᠢᠭᠤᠷ ᠳ᠋ᠤᠯᠯᠠᠷ ᠤᠨ ᠪᠡᠯᠡ ᠮᠥᠩᠬᠦ ᠴᠤᠭᠯᠠᠭᠤᠯᠬᠤ ᠠᠮᠠᠯᠠᠯᠳᠡ ᠪᠠᠨ ᠪᠡᠶᠡᠯᠡᠬᠦᠯᠵᠥ᠂ ᠬᠦᠭᠵᠢᠵᠥ ᠪᠠᠶᠢᠭ᠎ᠠ ᠤᠯᠤᠰ ᠤᠳ ᠲᠤ ᠲᠡᠷᠢᠬᠦᠨ ᠤ ᠮᠡᠷᠬᠡᠵᠢᠯ ᠢᠶᠠᠨ ᠰᠢᠯᠵᠢᠬᠦᠯᠵᠥ᠂ ᠲᠡᠳᠡᠨ ᠢ ᠬᠠᠪᠰᠤᠷᠤᠨ ᠠᠭᠤᠷ ᠠᠮᠢᠰᠬᠤᠯ ᠤᠨ ᠬᠤᠪᠢᠷᠡᠯᠳᠡ ᠶᠢ ᠠᠷᠭᠠᠴᠠᠭᠠᠬᠤ ᠴᠢᠳᠡᠪᠤᠷᠢ ᠶᠢ ᠨᠢ ᠲᠡᠭᠡᠭᠰᠢᠯᠡᠬᠦᠯᠬᠦ ᠬᠡᠷᠡᠭᠳᠡᠢ᠃ ᠲᠤᠮᠳᠠᠳᠤ ᠶᠢᠨ ᠲᠠᠯ᠎ᠠ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠪᠦᠳᠦᠭᠦᠪᠴᠢ ᠨᠡᠶᠢᠲᠡ ᠶᠢᠨ ᠭᠡᠷ᠎ᠠ︾ ᠶᠢᠨ ᠺᠠᠲ᠋ᠤᠸᠢᠼᠧ ᠳᠠᠬᠢ ᠶᠡᠭᠡ ᠬᠤᠷᠠᠯ ᠤᠨ ᠨᠠᠷᠢᠨ ᠳᠦᠷᠢᠮ ᠤᠨ ᠬᠡᠯᠡᠯᠴᠡᠭᠡ ᠶᠢᠨ ᠭᠤᠤᠯ ᠡᠭᠦᠷᠭᠡ ᠶᠢ ᠳᠤᠬᠳᠠᠭᠰᠠᠨ ᠬᠤᠭᠤᠴᠠᠭᠠᠨ ᠳᠠᠭᠠᠨ ᠪᠡᠶᠡᠯᠡᠭᠦᠯᠵᠤ᠂ ︽ᠫᠠᠷᠢᠰ ᠤᠨ ᠬᠡᠯᠡᠯᠴᠡᠭᠡᠷ ︾ ᠲᠤ ᠲᠤᠳᠤᠷᠬᠠᠢ ᠪᠢᠴᠢᠨ ᠤᠷᠤᠭᠤᠯᠤᠭᠰᠠᠨ ︽ᠬᠠᠮᠳᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ︾ ᠪᠤᠯᠤᠨ ᠦᠪᠡᠷ ᠤᠨ ᠢᠶᠠᠨ ᠴᠢᠳᠠᠪᠤᠷᠢ ᠪᠠᠨ ᠦᠨᠳᠦᠰᠦᠯᠡᠬᠦ ᠵᠠᠷᠴᠢᠮ ᠢ ᠪᠤᠳᠠᠳᠠᠢ ᠳᠤ ᠨᠠᠶᠢᠳᠠᠪᠤᠷᠢᠵᠢᠭᠤᠯᠵᠤ᠂ ᠤᠳᠠᠭᠠᠰᠢᠷᠠᠭᠤᠯᠤᠨ ᠨᠠᠮᠳᠠᠭᠠᠬᠤ᠂ ᠵᠤᠬᠢᠴᠠᠬᠤ᠂ ᠪᠡᠯᠡ ᠮᠦᠡᠭᠭᠦ᠂ ᠮᠡᠷᠭᠡᠵᠢᠯ ᠵᠡᠷᠭᠡ ᠡᠯ᠎ᠠ ᠲᠠᠯ᠎ᠠ ᠪᠠᠷ ᠠᠬᠢᠴᠠ ᠲᠠᠢ ᠪᠤᠯᠬᠤ ᠶᠢ ᠬᠦᠰᠡᠨ ᠬᠦᠯᠢᠶᠡᠵᠤ ᠪᠠᠶᠢᠨ᠎ᠡ᠃ ᠲᠤᠮᠳᠠᠳᠤ ᠶᠢᠨ ᠲᠠᠯ᠎ᠠ ᠲᠤᠷᠠᠳᠠᠶ᠎ᠠ ᠡᠯ᠎ᠠ ᠲᠠᠯ᠎ᠠ ᠯᠤᠭ᠎ᠠ ᠬᠠᠮᠳᠤ ᠪᠠᠷ ᠴᠢᠷᠮᠠᠶᠢᠵᠤ᠂ ᠦᠪᠡᠷ ᠤᠨ ᠢᠶᠠᠨ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠭᠦᠯᠤᠨ᠎ᠠ ᠭᠡᠵᠤ ᠵᠢᠭᠠᠵᠤ ᠭᠠᠷᠭᠠᠵᠠᠢ᠃      ᠲᠤᠬᠠᠢ ᠶᠢᠨ ᠭᠠᠵᠠᠷ ᠤᠨ ᠴᠠᠭ ᠢᠶᠠᠷ 14 ᠴᠠᠭ 15 ᠮᠢᠨᠦ᠋ᠲ ᠤᠨ ᠦᠶ᠎ᠠ ᠪᠠᠷ ᠲᠦᠷᠤᠭᠦᠴᠤᠳ ᠤᠨ ᠬᠤᠷᠠᠯ ᠲᠡᠭᠦᠰᠪᠠ᠃      ᠲᠦᠷᠤᠭᠦᠴᠤᠳ ᠤᠨ ᠬᠤᠷᠠᠯ ᠠᠴᠠ ︽ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠭᠦᠮᠤᠰ ᠤᠨ ᠪᠦᠶᠧᠨᠤᠰ ᠠᠶᠢᠷᠧᠰ ᠲᠠᠬᠢ ᠳᠦᠷᠤᠬᠦᠴᠦᠳ ᠤᠨ ᠬᠤᠷᠠᠯ ᠤᠨ ᠳᠤᠩᠬᠠᠭ︾ ᠢ ᠪᠠᠳᠤᠯᠠᠪᠠ᠃      ᠶᠠᠩ ᠵᠢᠶᠧ ᡂᠢ᠂ ᠸᠠᠩ ᠢ ᠨᠠᠷ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号