ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋ ᠰᠢᠷᠬᠤᠰᠣᠨ ᠪᠠᠯᠭᠠᠰᠣᠨ ᠤ ᠭᠠᠴᠠᠭ᠎ᠠ ᠳᠣᠰᠬᠤᠨ ᠤ ᠬᠠᠮᠳᠤ ᠶᠢᠨ ᠠᠵᠣ ᠠᠬᠤᠢ ᠶᠢᠨ ᠬᠦᠭᠵᠢᠯᠲᠡ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠳᠣᠰᠬᠠᠢ ᠰᠡᠳᠣᠪ ᠢᠶᠠᠷ ᠪᠠᠶᠢᠴᠠᠭᠠᠨ ᠰᠣᠳᠣᠯᠬᠤ ᠶᠢᠨ ᠬᠠᠮᠲᠣ ᠰᠠᠭᠤᠳᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-12-03
     11 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋ ᠰᠢᠷᠬᠤᠰᠣᠨ ᠪᠠᠯᠭᠠᠰᠣᠨ ᠳᠤ ᠭᠥᠷᠴᠤ ᠭᠠᠴᠠᠭ᠎ᠠ ᠳᠣᠰᠬᠤᠨ ᠤ ᠬᠠᠮᠳᠤ ᠶᠢᠨ ᠠᠵᠣ ᠠᠬᠤᠢ  ᠶᠢᠨ ᠬᠦᠭᠵᠢᠯᠲᠡ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠳᠣᠰᠬᠠᠢ ᠰᠡᠳᠣᠪ ᠢᠶᠠᠷ ᠪᠠᠶᠢᠴᠠᠭᠠᠨ ᠰᠣᠳᠣᠯᠪᠠ᠃ ᠬᠤᠰᠢᠭᠤ ᠣᠳᠣᠷᠢᠳᠣᠯᠭ᠎ᠠ ᠸᠠᠩ ᠯᠢ ᠫᠢᠩ᠂ ᠹᠧᠩ ᡁᠢ ᠮᠢᠩ᠂ ᠸᠠᠩ ᠶᠦᠩ ᠴᠢᠩ᠂ ᠪᠠᠶᠠᠨᠴᠡᠩᠭᠡᠯ᠂ ᠸᠠᠩ ᠭᠠᠩ᠂ ᠣᠶᠣᠨᠪᠢᠯᠢᠭ᠌᠂ ᠶᠠᠩ ᠵᠦᠩ ᠬᠤᠩ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠨᠠᠮ ᠤᠨ ᠰᠣᠷᠭᠠᠭᠤᠯᠢ᠂ ᠮᠠᠯ ᠳᠠᠷᠢᠶᠠᠯᠠᠩ ᠤᠨ ᠠᠵᠤ ᠠᠬᠤᠢ  ᠶᠢᠨ ᠳᠣᠪᠴᠢᠶ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠡᠯᠳᠡᠰ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃      ᠵᠣᠣ ᠹᠧᠢ ᠯᠣ᠋ ᠨᠠᠷ ᠣᠷᠢᠳ ᠬᠤᠵᠢᠳ ᠸᠠᠩ ᠶᠣᠣ ᠸᠠᠨ ᠳᠣᠰᠬᠤᠨ ᠤ ᠰᠣᠶᠤᠭ᠎ᠠ ᠪᠦᠢᠵᠢᠭᠤᠯᠬᠤ ᠲᠦᠪ᠂ ᠬᠤᠨᠵᠢᠨ ᠴᠠᠶᠢᠳᠠᠮ ᠤᠨ ᠳᠠᠷᠢᠶᠠᠯᠠᠩ ᠠᠷᠠᠯᠵᠢᠶᠠᠨ ᠤ ᠵᠠᠬ᠎ᠠ ᠳᠡᠯᠬᠡᠬᠦᠷ᠂ ᠶᠡᠭᠡ ᠰᠢᠪᠡᠷ ᠳᠣᠰᠬᠤᠨ ᠤ ᠲᠠᠷᠢᠶᠠᠯᠠᠩ ᠤᠨ ᠬᠦᠭᠵᠢᠬᠦᠯᠦᠯᠲᠡ ᠶᠢᠨ ᠲᠠᠷᠢᠮᠠᠯ ᠤᠨ ᠬᠤᠷᠰᠢᠶᠠᠵᠢᠯ ᠤᠨ ᠠᠮᠣ ᠪᠣᠳᠠᠭ᠎ᠠ ᠢᠳᠡᠰᠢᠨ ᠳᠣᠰᠣ ᠪᠣᠯᠪᠠᠰᠣᠷᠠᠭᠤᠯᠬᠤ ᠦᠢᠯᠡᠳᠪᠦᠷᠢ᠂ ᠣᠷᠳᠣᠪᠡᠶ᠎ᠡ ᠳᠣᠰᠬᠤᠨ ᠤ ᠬᠦᠯᠡᠮᠵᠢ ᠶᠢᠨ ᠳᠦᠷᠦᠯ ᠵᠦᠢᠯ᠂ ᠪᠠᠳᠣ ᠶᠢᠨ ᠳᠣᠬᠤᠢ ᠳᠣᠰᠬᠤᠨ ᠤ ᠬᠦᠪᠬᠦ ᠨᠠᠭᠠᠳᠣᠮ ᠤᠨ ᠳᠦᠷᠦᠯ ᠵᠦᠢᠯ ᠵᠡᠷᠬᠡ ᠭᠠᠵᠠᠷ ᠣᠷᠣᠨ ᠢᠶᠠᠷ ᠬᠦᠷᠴᠤ ᠨᠠᠷᠢᠨ ᠪᠠᠶᠢᠳᠠᠯ ᠢ ᠣᠶᠢᠯᠠᠭᠠᠨ ᠭᠠᠴᠠᠭ᠎ᠠ ᠳᠣᠰᠬᠤᠨ ᠤ ᠬᠠᠮᠳᠤ ᠶᠢᠨ ᠠᠵᠣ ᠠᠬᠤᠢ ᠶᠢ ᠪᠣᠵᠠᠭᠠᠶᠢᠷᠠᠭᠤᠯᠣᠨ ᠬᠦᠭᠵᠢᠬᠦᠯᠬᠦ ᠳᠣᠬᠠᠢ ᠪᠠᠶᠢᠴᠠᠭᠠᠨ ᠰᠣᠳᠣᠯᠣᠯᠲᠠ ᠬᠢᠪᠠ᠃      ᠪᠠᠶᠢᠴᠠᠭᠠᠨ ᠰᠣᠳᠣᠯᠣᠯᠲᠠ ᠶᠢᠨ ᠳᠠᠷᠠᠭ᠎ᠠ ᠰᠢᠷᠬᠤᠰᠣᠨ ᠪᠠᠯᠭᠠᠰᠣᠨ ᠳᠤ ᠰᠠᠭᠤᠳᠠᠯ ᠤᠨ ᠬᠤᠷᠠᠯ ᠬᠤᠷᠠᠯᠳᠣᠭᠤᠯᠪᠠ᠃ ᠰᠢᠷᠬᠤᠰᠣᠨ ᠪᠠᠯᠭᠠᠰᠣᠨ ᠤ ᠰᠠᠯᠠᠭᠠᠨ ᠲᠠᠰ ᠠᠴᠠ ᠳᠡᠭᠡᠭᠰᠢᠬᠢ ᠺᠠᠳ᠋ᠷᠴᠣᠳ᠂ ᠭᠠᠴᠠᠭ᠎ᠠ ᠳᠣᠰᠬᠤᠨ ᠤ ᠨᠠᠮ ᠤᠨ ᠡᠭᠦᠷ ᠤᠨ ᠱᠦᠵᠢ ᠡᠷᠬᠢᠯᠡᠭᠴᠢ᠂ ᠳᠣᠰᠬᠤᠨ ᠳᠤ ᠰᠠᠭᠤᠭ᠎ᠠ ᠨᠢᠬᠡᠳᠦᠬᠡᠷ ᠱᠦᠵᠢ ᠵᠢᠴᠢ ᠳᠠᠭᠠᠭᠠᠴᠢᠯᠠᠭᠰᠠᠨ ᠠᠵᠣ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠰᠢᠷᠬᠤᠰᠣᠨ ᠪᠠᠯᠭᠠᠰᠣᠨ ᠤ ᠬᠠᠷᠢᠭᠤᠴᠠᠯᠭᠠᠳᠠᠨ ᠠᠴᠠ ᠬᠠᠮᠢᠶ᠎ᠠ ᠪᠦᠬᠦᠢ ᠠᠵᠢᠯ ᠤᠨ ᠶᠡᠷᠦᠩᠬᠡᠢ ᠪᠠᠶᠢᠳᠠᠯ ᠤᠨ ᠳᠣᠬᠠᠢ ᠬᠠᠷᠢᠭᠤ ᠮᠡᠳᠡᠬᠦᠯᠦᠯᠲᠡ ᠬᠢᠵᠦ ᠡᠯ᠎ᠡ ᠭᠠᠴᠠᠭ᠎ᠠ ᠳᠣᠰᠬᠤᠨ ᠤ ᠬᠠᠷᠢᠭᠤᠴᠠᠯᠭᠠᠳᠠᠨ ᠠᠴᠠ ᠭᠠᠴᠠᠭ᠎ᠠ ᠳᠣᠰᠬᠤᠨ ᠤ ᠬᠠᠮᠳᠤ ᠶᠢᠨ ᠠᠵᠣ ᠠᠬᠤᠢ ᠶᠢᠨ ᠬᠦᠭᠵᠢᠯᠲᠡ ᠶᠢᠨ ᠪᠠᠶᠢᠳᠠᠯ᠂ ᠣᠷᠣᠰᠢᠵᠣ ᠪᠠᠶᠢᠭ᠎ᠠ ᠠᠰᠠᠭᠤᠳᠠᠯ ᠵᠢᠴᠢ ᠳᠠᠷᠠᠭᠠᠴᠢ  ᠶᠢᠨ ᠠᠵᠢᠯ ᠤᠨ ᠳᠦᠯᠦᠪᠯᠡᠭᠡ ᠪᠠᠨ ᠬᠠᠷᠢᠭᠤ ᠮᠡᠳᠡᠬᠦᠯᠤᠨ ᠳᠠᠭᠠᠭᠠᠴᠢᠯᠠᠨ ᠳᠡᠮᠵᠢᠵᠦ ᠪᠠᠶᠢᠭ᠎ᠠ ᠠᠵᠣ ᠠᠬᠤᠶᠢᠯᠠᠯ  ᠠᠴᠠ ᠪᠣᠳᠠᠳᠠᠢ ᠠᠷᠭ᠎ᠠ ᠠᠪᠴᠠᠯ ᠢᠶᠠᠨ ᠳᠠᠨᠢᠯᠴᠠᠭᠤᠯᠪᠠ᠃
     ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠣᠯᠣᠰ ᠳᠦᠷᠦ ᠶᠢᠨ ᠵᠣᠭᠰᠣᠴᠠ ᠪᠠᠨ ᠣᠯᠠᠮ ᠨᠢᠬᠡ ᠠᠯᠬᠤᠮ ᠳᠡᠭᠡᠭᠰᠢᠯᠡᠬᠦᠯᠵᠦ ᠭᠤᠣᠯᠳᠠᠯᠭ᠎ᠠ ᠪᠠᠨ ᠳᠣᠳᠣᠷᠬᠠᠶᠢᠯᠠᠨ ᠬᠠᠮᠳᠤ ᠶᠢᠨ ᠠᠵᠣ ᠠᠬᠤᠢ ᠶᠢ ᠪᠣᠵᠠᠭᠠᠶᠢᠷᠠᠭᠤᠯᠣᠨ ᠬᠦᠭᠵᠢᠬᠦᠯᠬᠦ ᠶᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠴᠢᠬᠤᠯᠠ ᠠᠭᠤᠯᠭ᠎ᠠ ᠪᠣᠯᠭᠠᠵᠣ ᠢᠳᠡᠪᠬᠢᠲᠡᠢ ᠪᠦᠲᠦᠮᠵᠢᠲᠡᠢ ᠠᠷᠭ᠎ᠠ ᠠᠪᠴᠠᠯ ᠢᠶᠠᠷ ᠬᠠᠮᠳᠤ ᠶᠢᠨ ᠠᠵᠣ ᠠᠬᠤᠢ ᠶᠢ ᠪᠤᠵᠠᠭᠠᠶᠢᠷᠠᠭᠤᠯᠤᠨ ᠬᠦᠭᠵᠢᠬᠦᠯᠵᠦ ᠭᠠᠴᠠᠭ᠎ᠠ ᠳᠣᠰᠬᠤᠨ ᠤ ᠪᠠᠶᠢᠳᠠᠯ ᠢ ᠳᠣᠳᠣᠷᠬᠠᠢ ᠣᠶᠢᠯᠠᠭᠠᠵᠣ ᠳᠠᠪᠠᠭᠤᠯᠢᠭ ᠡᠬᠢ ᠪᠠᠶᠠᠯᠢᠭ ᠢ ᠡᠷᠢᠨ ᠢᠳᠡᠪᠬᠢᠲᠡᠢ ᠪᠠᠷ ᠭᠠᠷᠬᠤ ᠵᠠᠮ ᠢ ᠰᠦᠪᠡᠭᠴᠢᠯᠡᠵᠦ ᠭᠠᠵᠠᠷ ᠣᠷᠣᠨ ᠳᠠᠭᠠᠨ ᠵᠣᠬᠢᠴᠠᠭᠤᠯᠣᠨ ᠨᠢᠭᠡᠲᠦᠯᠳᠡᠢ ᠲᠦᠯᠦᠪᠯᠡᠵᠦ ᠣᠨᠣᠪᠴᠢᠲᠠᠢ ᠪᠠᠷ ᠨᠠᠶᠢᠳᠠᠪᠣᠷᠢᠵᠢᠭᠤᠯᠤᠨ ᠭᠠᠴᠠᠭ᠎ᠠ ᠳᠣᠰᠬᠤᠨ ᠤ ᠡᠬᠢ ᠪᠠᠶᠠᠯᠢᠭ ᠦᠪ ᠬᠦᠷᠦᠩᠬᠡ ᠶᠢ ᠬᠦᠢᠴᠡᠳ ᠠᠮᠢᠳᠣᠯᠢᠭ ᠬᠡᠷᠡᠭᠯᠡᠵᠦ ᠭᠠᠴᠠᠭ᠎ᠠ ᠳᠣᠰᠬᠤᠨ ᠤ ᠡᠯ᠎ᠡ ᠳᠠᠯ᠎ᠠ ᠶᠢᠨ ᠳᠠᠪᠠᠭᠤᠯᠢᠭ ᠣᠨᠴᠠᠯᠢᠭᠲᠣ ᠡᠬᠢ ᠪᠠᠶᠠᠯᠢᠭ ᠢ ᠬᠦᠭᠵᠢᠯᠲᠡ ᠶᠢᠨ ᠪᠣᠳᠠᠳᠣ ᠬᠦᠴᠦᠨ ᠪᠣᠯᠭᠠᠨ ᠣᠨᠴᠠᠯᠢᠭᠲᠣ ᠵᠠᠮ ᠢᠶᠠᠷ ᠶᠠᠪᠣᠬᠤ ᠬᠡᠷᠡᠭᠲᠡᠢ᠃ ᠠᠷᠭ᠎ᠠ ᠪᠠᠷᠢᠯ ᠢᠶᠠᠨ ᠦᠬᠡᠷᠡᠴᠢᠯᠡᠵᠦ ᠳᠣᠰᠬᠤᠨ ᠤ ᠬᠠᠮᠳᠤ ᠶᠢᠨ ᠠᠵᠣ ᠠᠬᠤᠢ ᠶᠢ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠶᠢ ᠨᠢᠬᠡ ᠴᠤᠭᠴᠠᠵᠢᠭᠤᠯᠤᠭᠰᠠᠨ ᠬᠦᠭᠵᠢᠯᠲᠡ ᠵᠦᠭ ᠬᠦᠳᠦᠯᠵᠦ ᠬᠠᠮᠳᠤ ᠶᠢᠨ ᠠᠵᠣ ᠠᠬᠤᠢ ᠶᠢᠨ ᠣᠷᠣᠯᠭ᠎ᠠ ᠶᠢ ᠨᠡᠮᠡᠭᠳᠡᠬᠦᠯᠤᠨ ᠮᠠᠯᠵᠢᠬᠤ ᠳᠠᠷᠢᠶᠠᠯᠠᠬᠤ ᠣᠷᠣᠨ ᠤ ᠰᠠᠭᠤᠷᠢ ᠪᠦᠲᠦᠬᠡᠨ ᠪᠠᠶᠢᠭᠤᠯᠣᠯᠲᠠ᠂ ᠦᠢᠯᠡᠴᠢᠯᠡᠭᠡ ᠪᠠ ᠬᠠᠮᠢᠶᠠᠷᠣᠯᠳᠠ ᠶᠢᠨ ᠪᠣᠳᠠᠰ ᠤᠨ ᠰᠠᠭᠤᠷᠢ ᠶᠢ ᠳᠠᠰᠣᠷᠠᠯᠳᠠ ᠦᠬᠡᠢ ᠪᠠᠳᠣᠵᠢᠭᠤᠯᠬᠤ ᠬᠡᠷᠡᠭᠲᠡᠢ᠃ ᠡᠯ᠎ᠡ ᠠᠵᠣ ᠠᠬᠤᠶᠢᠯᠠᠯ ᠳᠦᠪ ᠤᠨ ᠣᠷᠢᠶᠠᠯᠠᠭ᠎ᠠ ᠶᠢ ᠴᠣᠣᠷᠢᠶᠠᠳᠣᠨ ᠳᠠᠭᠠᠵᠣ ︽ᠵᠠᠭᠤᠨ ᠠᠵᠣ ᠠᠬᠤᠶᠢᠯᠡᠯ ᠵᠠᠭᠤᠨ ᠭᠠᠴᠠᠭ᠎ᠠ ᠳᠣᠰᠬᠤᠨ ᠢ ᠳᠡᠮᠵᠢᠬᠦ︾ ᠠᠵᠢᠯ ᠤᠨ ᠱᠠᠭᠠᠷᠳᠠᠯᠭ᠎ᠠ ᠶᠣᠰᠣᠭᠠᠷ ᠠᠵᠣ ᠠᠬᠤᠶᠢᠯᠠᠯᠳᠠᠨ ᠤ ᠵᠣᠷᠢᠭ ᠰᠠᠨᠠᠭ᠎ᠠ ᠪᠠ ᠠᠵᠣ ᠠᠬᠤᠶᠢᠯᠠᠯᠳᠠᠨ ᠤ ᠨᠡᠶᠢᠬᠡᠮ ᠤᠨ ᠦᠢᠯᠡᠳᠦᠯ ᠢ ᠪᠠᠳᠠᠷᠠᠭᠤᠯᠵᠣ ᠳᠠᠭᠠᠭᠠᠴᠢᠯᠠᠨ ᠳᠡᠮᠵᠢᠵᠦ ᠪᠠᠶᠢᠭ᠎ᠠ ᠭᠠᠴᠠᠭ᠎ᠠ ᠳᠣᠰᠬᠤᠨ ᠤ ᠬᠠᠮᠳᠤ ᠶᠢᠨ ᠠᠵᠣ ᠠᠬᠤᠢ ᠶᠢ ᠳᠠᠰᠣᠷᠠᠯᠳᠠ ᠦᠬᠡᠢ ᠳᠡᠬᠦᠯᠳᠡᠷᠵᠢᠬᠦᠯᠦᠨ ᠬᠦᠭᠵᠢᠬᠦᠯᠵᠦ ᠬᠠᠮᠢᠶᠠᠷᠣᠯᠳᠠ  ᠶᠢᠨ ᠬᠢᠷᠢ ᠳᠦᠪᠰᠢᠨ ᠢᠶᠠᠨ ᠳᠡᠭᠡᠭᠰᠢᠯᠡᠬᠦᠯᠦᠨ ᠠᠵᠣ ᠠᠬᠤᠢ ᠶᠢᠨ ᠶᠡᠷᠦᠩᠬᠡᠢ ᠳᠠᠩᠰᠠ ᠶᠢ ᠰᠠᠶᠢᠨ ᠪᠣᠳᠣᠵᠣ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠰᠶᠢᠳᠪᠤᠷᠢᠲᠤ ᠢᠯᠡᠯᠳᠡ ᠶᠢ ᠣᠯᠬᠤ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠪᠡ᠃
      ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠨᠠᠮ ᠤᠨ ᠳᠦᠪ ᠬᠤᠷᠢᠶᠠᠨ ᠠᠴᠠ ᠳᠣᠭᠳᠠᠭᠠᠭᠰᠠᠨ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠬᠠᠷᠠᠯᠳᠠ ᠪᠠ ᠶᠠᠳᠠᠭᠤ ᠶᠢ ᠳᠡᠳᠬᠦᠬᠦ ᠪᠠᠷᠢᠮᠵᠢᠶ᠎ᠠ ᠶᠢ ᠪᠠᠷᠢᠮᠳᠠᠯᠠᠵᠣ ᠣᠨᠣᠪᠴᠢᠲᠠᠢ ᠪᠠᠷ ᠶᠠᠳᠠᠭᠤ ᠶᠢ ᠳᠡᠳᠬᠦᠨ ᠶᠠᠳᠠᠭᠤ ᠠᠴᠠ ᠠᠩᠬᠢᠵᠢᠷᠠᠭᠤᠯᠬᠤ ᠶᠢᠨ ᠦᠨᠳᠦᠰᠦᠨ ᠠᠷᠭ᠎ᠠ  ᠪᠣᠳᠣᠯᠭ᠎ᠠ ᠶᠢ ᠲᠤᠭᠤᠰᠢᠯᠠᠭᠤᠯᠵᠦ ᠣᠨᠴᠠᠭᠠᠢ ᠬᠦᠴᠢᠷᠳᠡᠯᠳᠡᠢ ᠪᠠ ᠣᠨᠴᠠ ᠬᠦᠴᠢᠷᠳᠡᠯᠲᠡᠢ ᠬᠦᠮᠦᠰ ᠢ ᠬᠠᠯᠠᠮᠵᠢᠯᠠᠨ ᠨᠢᠬᠡ ᠳᠣᠰᠬᠤᠨ ᠨᠢᠬᠡ ᠬᠦᠮᠦᠨ ᠢ ᠴᠦ ᠣᠷᠬᠢᠭᠳᠠᠭᠤᠯᠬᠤ ᠦᠬᠡᠢ ᠪᠠᠶᠢᠬᠤ ᠬᠡᠷᠡᠭᠲᠡᠢ᠃ ᠨᠡᠩ ᠴᠢᠩᠭ᠎ᠠ ᠠᠵᠢᠯ ᠤᠨ ᠰᠣᠷᠳᠠᠯ ᠢᠶᠠᠷ  ᠠᠵᠣ ᠦᠢᠯᠡᠰ᠂ ᠡᠷᠡᠬᠦᠯ ᠬᠠᠮᠠᠭᠠᠯᠠᠯ᠂ ᠰᠣᠷᠭᠠᠨ ᠬᠦᠮᠦᠵᠢᠯ ᠵᠡᠷᠬᠡ ᠡᠯ᠎ᠡ ᠳᠦᠷᠦᠯ ᠤᠨ ᠳᠡᠳᠬᠦᠨ ᠳᠡᠮᠵᠢᠬᠦ ᠠᠷᠭ᠎ᠠ ᠠᠪᠴᠠᠯ ᠢ ᠪᠣᠳᠠᠳᠠᠢ ᠨᠠᠷᠢᠯᠢᠭ ᠣᠨᠣᠪᠴᠢᠲᠠᠢ ᠲᠤᠭᠤᠰᠢᠯᠠᠭᠤᠯᠵᠦ ᠶᠠᠳᠠᠭᠤ  ᠠᠴᠠ ᠠᠩᠬᠢᠵᠢᠷᠠᠭᠤᠯᠬᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠦᠨᠡᠨᠬᠦ ᠦᠷ᠎ᠡ ᠠᠰᠢᠭ ᠣᠯᠬᠤ ᠶᠢ ᠪᠠᠳᠣᠯᠠᠬᠤ ᠬᠡᠷᠡᠭᠲᠡᠢ ᠬᠡᠪᠡ᠃       ᠵᠣᠣ ᠹᠧᠢ ᠯᠤ᠋ ᠪᠠᠰᠠ ᠤᠷᠴᠢᠮ ᠤᠨ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠬᠦ ᠶᠢᠨ ᠬᠠᠮᠲᠤ ᠠᠶᠣᠯᠬᠦᠢ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠣᠬᠠᠭᠤᠯᠭ᠎ᠠ᠂ ᠮᠠᠯᠵᠢᠬᠤ ᠳᠠᠷᠢᠶᠠᠯᠠᠬᠤ ᠣᠷᠣᠨ ᠤ ᠤᠷᠤᠰᠢᠨ ᠰᠠᠭᠤᠷᠢᠰᠢᠬᠤ ᠣᠷᠴᠢᠨ ᠳᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ᠂ ᠠᠹᠷᠢᠺᠠ ᠳᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠬᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠳᠣᠷ ᠠᠳᠬᠤᠵᠣ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠲᠡ ᠳᠤ ᠡᠶ᠎ᠡ ᠨᠠᠶᠢᠷᠠᠮᠳᠠᠭᠤ ᠠᠮᠣᠷ ᠳᠦᠪᠰᠢᠨ ᠣᠷᠴᠢᠨ ᠳᠣᠭᠤᠷᠢᠨ ᠢ ᠪᠦᠷᠢᠯᠳᠦᠬᠦᠯᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号