11 ᠰᠠᠷ᠎ᠠ ᠶᠢᠨ 28 ᠤ ᠡᠳᠦᠷ ᠬᠤᠲᠠ ᠶᠢᠨ ᠲᠤᠮᠲᠠ ᠵᠡᠷᠭᠡ ᠶᠢᠨ ᠠᠷᠠᠳ ᠤᠨ ᠰᠢᠭᠦᠭᠦ ᠬᠤᠷᠢᠶᠠᠨ ᠤ | ᠬᠤᠤᠰ ᠬᠡᠯᠡᠨ ᠤ ᠲᠢᠩᠬᠢᠮ ᠪᠤᠯᠤᠨ ᠬᠤᠰᠢᠭᠤ ᠠᠷᠠᠳ ᠤᠨ ᠰᠢᠬᠦᠬᠦ ᠬᠤᠷᠢᠶ᠎ᠠ ᠬᠠᠮᠲᠤᠪᠠᠷ ︽ᠬᠠᠤᠯᠢ ᠴᠠᠭᠠᠵᠠ ᠶᠢᠨ | ᠭᠡᠷᠡᠯᠲᠦ ᠴᠠᠮᠬᠠᠭ ᠢᠶᠠᠷ ᠮᠠᠯᠵᠢᠯ ᠠᠮᠢᠲᠤᠷᠠᠯ ᠤᠨ ᠲᠤᠭᠤᠨᠤ ᠶᠢ ᠭᠡᠶᠢᠭᠦᠯᠦᠶ᠎ᠡ︾ ᠭᠡᠬᠦ ᠬᠠᠤᠯᠢ ᠴᠠᠭᠠᠵᠠ ᠶᠢᠨ | ᠮᠡᠲᠡᠯᠭᠡ ᠶᠢ ᠤᠯᠠᠮᠵᠢᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠠ᠃ ᠲᠤᠰ ᠤᠲᠠᠭᠠᠨ ᠤ | ᠠᠵᠢᠯᠯᠠᠭᠠᠨ ᠨᠢ ᠰᠦᠯᠲᠠ ᠰᠤᠮᠤᠨ ᠳᠤ ᠶᠠᠪᠤᠭᠲᠠᠨ ᠰᠦᠯᠲᠡ ᠰᠤᠮᠤᠨ ᠤ ᠠᠷᠠᠳ ᠤᠨ ᠵᠠᠰᠠᠭ ᠤᠨ ᠤᠷᠲᠤᠨ ᠪᠤᠯᠤᠨ | ᠰᠤᠮᠤᠨ ᠤ ᠡᠯ᠎ᠡ ᠭᠠᠴᠠᠭ᠎ᠠ ᠨᠡᠶᠢᠬᠡᠮ ᠲᠤᠭᠤᠷᠢᠭ ᠤᠨ ᠬᠠᠷᠢᠭᠤᠴᠠᠯᠭᠠᠲᠠᠨ ᠵᠢᠴᠢ ᠮᠠᠯᠴᠢᠨ ᠲᠠᠷᠢᠶᠠᠴᠢᠨ ᠨᠡᠶᠢᠲᠡ 60 | ᠭᠠᠷᠤᠢ ᠬᠦᠮᠦᠨ ᠤᠷᠤᠯᠴᠠᠪᠠ᠃ | ᠠᠵᠢᠯᠯᠠᠭᠠᠨ ᠳᠤ ᠬᠤᠲᠠ ᠬᠤᠰᠢᠭᠤᠨ ᠤ ᠠᠷᠠᠳ ᠤᠨ ᠰᠢᠭᠦᠭᠦ ᠬᠤᠷᠢᠶᠠᠨ ᠤ ᠬᠤᠤᠰ ᠬᠡᠯᠡᠨ ᠤ | ᠠᠵᠢᠯᠲᠠᠨ ᠠᠴᠠ ᠮᠠᠯᠴᠢᠨ ᠲᠠᠷᠢᠶᠠᠴᠢᠨ ᠳᠤ ︽ᠨᠤᠲᠤᠭ ᠪᠡᠯᠴᠢᠭᠡᠷ ᠤᠨ ᠬᠠᠤᠯᠢ ᠴᠠᠭᠠᠵᠠ ᠶᠢᠨ ᠲᠦᠷᠢᠮ | ᠲᠤᠭᠲᠠᠭᠠᠯ ᠤᠨ ᠶᠡᠷᠦ ᠶᠢᠨ ᠮᠡᠲᠡᠯᠭᠡ︾ ︽ᠤᠷᠤᠭ ᠭᠡᠷ ᠪᠦᠯᠢ ᠶᠢᠨ ᠬᠠᠤᠯᠢ︾ ᠵᠡᠷᠭᠡ ᠬᠠᠤᠯᠢ ᠴᠠᠭᠠᠵᠠ ᠶᠠᠷᠦ ᠶᠢᠨ | ᠮᠡᠲᠡᠯᠭᠡ ᠶᠢ ᠮᠤᠩᠭᠤᠯ ᠢᠶᠠᠷ ᠲᠠᠶᠢᠯᠪᠤᠷᠢᠯᠠᠨ ᠶᠠᠷᠢᠬᠤ ᠪᠠᠷ ᠲᠠᠮᠵᠢᠭᠠᠳ ᠮᠠᠯᠴᠢᠨ ᠲᠦᠮᠡᠨ ᠳᠤ ᠬᠠᠤᠯᠢ ᠴᠠᠭᠠᠵᠠ ᠶᠢᠨ | ᠮᠡᠲᠡᠯᠭᠡ ᠶᠢ ᠤᠯᠠᠮ ᠨᠢᠭᠡ ᠠᠯᠬᠤᠮ ᠲᠠᠨᠢᠭᠤᠯᠵᠦ ᠬᠠᠤᠯᠢ ᠵᠦᠷᠢᠴᠡᠬᠦ ᠶᠢ ᠰᠡᠷᠭᠡᠶᠢᠯᠡᠬᠦ᠂ ᠬᠠᠤᠯᠢ ᠶᠤᠰᠤᠭᠠᠷ | ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠲᠤᠬᠠᠢ ᠮᠡᠲᠡᠯᠭᠡ ᠨᠦᠭᠦᠳ ᠢ ᠤᠶᠢᠯᠠᠭᠠᠭᠤᠯᠤᠨ ᠲᠠᠨᠢᠭᠤᠯᠵᠠᠢ᠃ | ᠵᠦᠷᠢᠴᠡᠯ ᠮᠦᠷᠭᠦᠯᠲᠦᠭᠡᠨ ᠢ ᠰᠢᠢᠳᠪᠦᠷᠢᠯᠡᠬᠦ ᠦᠶᠡᠰ ᠡᠷᠬᠡᠪᠰᠢ ᠬᠠᠤᠯᠢ ᠴᠠᠭᠠᠵᠠ ᠳᠤ ᠲᠦᠰᠢᠭᠯᠡᠨ ᠬᠦᠴᠢᠷ | ᠲᠤᠬᠢᠶᠠᠯᠲᠤᠪᠠᠯ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢ ᠡᠷᠢᠵᠦ ᠡᠷᠡᠭᠡᠯᠵᠡᠭᠡ ᠲᠠᠢ ᠪᠤᠯ ᠬᠠᠤᠯᠢ ᠴᠠᠭᠠᠵᠠ | ᠬᠡᠷᠡᠭᠵᠢᠭᠦᠯᠦᠭᠴᠢ ᠪᠤᠶᠤ ᠬᠠᠤᠯᠢᠴᠢ ᠠᠴᠠ ᠠᠰᠠᠭᠤᠵᠦ ᠯᠠᠪᠯᠠᠨ ᠬᠠᠤᠯᠢ ᠴᠠᠭᠠᠵᠠ ᠶᠢᠨ ᠭᠦᠴᠦᠨ ᠢ ᠬᠡᠷᠡᠭᠯᠡᠨ | ᠪᠤᠯᠪᠠᠰᠤᠨ ᠢᠶᠠᠷ ᠠᠰᠠᠭᠤᠲᠠᠯ ᠢ ᠰᠢᠢᠳᠪᠦᠷᠢᠯᠡᠬᠦ ᠪᠦᠲᠦᠮᠵᠢᠲᠠᠢ ᠬᠠᠮᠲᠤ ᠶᠢᠨ ᠲᠠᠨᠢᠯᠲᠠ ᠶᠢ ᠪᠤᠢ ᠪᠤᠯᠭᠠᠵᠦ ᠬᠠᠤᠯᠢ | ᠰᠠᠬᠢᠭᠰᠠᠳ ᠠᠰᠢᠭ ᠬᠦᠷᠲᠡᠨ ᠬᠠᠤᠯᠢ ᠵᠦᠷᠢᠴᠡᠭᠰᠡᠳ ᠰᠢᠳᠬᠡᠯ ᠤᠯᠬᠤ ᠬᠠᠮᠲᠤ ᠶᠢᠨ ᠲᠠᠨᠢᠯᠲᠠ ᠤᠬᠠᠮᠰᠠᠷ ᠢ ᠪᠤᠢ | ᠪᠤᠯᠭᠠᠭᠰᠠᠨ ᠪᠠᠶᠢᠨ᠎ᠠ᠃ | ᠠᠵᠢᠯᠯᠠᠭ᠎ᠠ ᠲᠤᠮᠲᠠ ᠱᠠᠷᠯᠢᠭ ᠨᠡᠶᠢᠬᠡᠮ ᠲᠤᠭᠤᠷᠢᠭ ᠲᠤ ᠬᠠᠤᠯᠢ ᠶᠢᠨ ᠲᠤᠬᠠᠢ ᠣᠬᠠᠭᠤᠯᠭ᠎ᠠ ᠶᠢᠨ ᠬᠠᠭᠤᠲᠠᠰᠦ | ᠲᠠᠷᠬᠠᠭᠠᠨ᠂ ᠦᠷᠭᠡᠨ ᠤᠯᠠᠨ ᠮᠠᠯᠴᠢᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠪᠠᠲᠤᠵᠢᠭᠤᠯᠵᠦ ᠬᠠᠤᠯᠢ | ᠴᠠᠭᠠᠵᠠ ᠲᠦᠷᠢᠮ ᠲᠤᠭᠲᠠᠭᠠᠯ ᠢᠶᠠᠷ ᠲᠠᠭᠤᠷᠢᠶᠠᠯ ᠦᠢᠯᠡᠲᠦᠯ ᠦᠵᠡᠭᠦᠯᠦᠨ ᠰᠠᠬᠢᠵᠦ ᠴᠠᠭ ᠢᠮᠠᠭᠲᠠ ᠬᠠᠤᠯᠢ | ᠴᠠᠭᠠᠵᠠ ᠪᠠᠷ ᠪᠠᠷᠢᠮᠵᠢᠶ᠎ᠠ ᠪᠤᠯᠭᠠᠨ ᠬᠠᠤᠯᠢ ᠶᠤᠰᠤᠭᠠᠷ ᠡᠷᠬᠡ ᠪᠠᠨ ᠬᠡᠷᠡᠭᠵᠢᠭᠦᠯᠦᠨ ᠲᠦᠪ ᠭᠤᠤᠯᠴᠢ᠂ ᠡᠷᠬᠡ ᠲᠡᠭᠰᠢ᠂ | ᠢᠯᠡ ᠲᠤᠲᠤ᠂ ᠯᠠᠪᠲᠠᠭᠤᠨ ᠲᠤᠭᠲᠠᠭᠤᠨ᠂ ᠬᠠᠤᠯᠢ ᠪᠠᠷ ᠵᠠᠰᠠᠬᠤ ᠤᠷᠴᠢᠨ ᠲᠤᠭᠤᠷᠢᠨ ᠢ ᠪᠠᠶᠢᠭᠤᠯᠵᠦ ᠮᠠᠯᠴᠢᠨ | ᠲᠦᠮᠡᠨ ᠬᠦᠮᠦᠨ ᠪᠦᠬᠦᠨ ᠬᠠᠤᠯᠢ ᠴᠠᠭᠠᠵᠠ ᠶᠢᠨ ᠲᠡᠭᠡᠲᠦᠯᠡᠭᠴᠢ᠂ ᠲᠠᠮᠵᠢᠭᠤᠯᠤᠭᠴᠢ᠂ ᠬᠡᠷᠡᠭᠵᠢᠭᠦᠯᠦᠭᠴᠢ᠂ | ᠬᠠᠮᠠᠭᠠᠯᠠᠭᠴᠢ ᠪᠤᠯᠬᠤ ᠪᠠᠷ ᠴᠢᠷᠮᠡᠶᠢᠨ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠲᠡ ᠳᠤ ᠬᠠᠲᠠᠭᠤ | ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃ |