︽ᠡᠷᠡᠭᠦᠯ ᠡᠩᠭᠡ ᠲᠤᠮᠳᠠᠳᠤ ᠤᠯᠤᠰ 2030︾ ᠲᠦᠯᠦᠪᠵᠢᠭᠦᠯᠭᠡ ᠶᠢᠨ ᠭᠦᠳᠦᠯᠪᠦᠷᠢ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︽ᠲᠠᠮᠢᠷ ᠤᠨ ᠬᠦᠳᠡᠯᠭᠡᠭᠡᠨ᠂ ᠡᠷᠡᠭᠦᠯ ᠡᠩᠭᠡ᠂ ᠪᠠᠶᠠᠷ ᠵᠢᠷᠭᠠᠯ᠂ ᠦᠨᠳᠦᠷ | ᠪᠦᠳᠦᠮᠵᠢ︾ ᠶᠢ ᠴᠢᠬᠤᠯᠠᠴᠢᠯᠠᠬᠤ ᠠᠵᠢᠯ ᠤᠨ ᠠᠷᠭ᠎ᠠ ᠠᠮᠢᠳᠤᠷᠠᠯ ᠤᠨ ᠤᠶᠢᠯᠠᠭᠠᠭᠳᠠᠬᠤᠨ ᠢ ᠪᠠᠳᠠᠷᠠᠭᠤᠯᠤᠨ ︽ | ᠡᠷᠡᠭᠦᠯ ᠡᠩᠭᠡ ᠦᠦᠰᠢᠨ︾ ᠤ ᠪᠠᠶᠢᠭᠤᠯᠤᠯᠳᠠ ᠶᠢ ᠠᠬᠢᠭᠤᠯᠵᠤ ᠺᠠᠳ᠋ᠷ ᠠᠵᠢᠯᠳᠠᠨ ᠤ ᠪᠠᠶ᠎ᠡ ᠮᠠᠬᠠᠪᠤᠳ ᠢᠶᠠᠨ | ᠪᠤᠯᠪᠠᠰᠤᠷᠠᠭᠤᠯᠤᠨ ᠠᠵᠢᠯ ᠤᠨ ᠶᠠᠳᠠᠷᠠᠭ᠎ᠠ ᠶᠢ ᠲᠠᠶᠢᠯᠵᠦ ᠠᠵᠢᠯ ᠤᠨ ᠪᠦᠳᠦᠮᠵᠢ ᠶᠢ ᠲᠡᠭᠡᠭᠰᠢᠯᠡᠭᠦᠯᠤᠨ ᠪᠡᠶ᠎ᠡ | ᠰᠡᠳᠬᠢᠯ ᠤᠨ ᠡᠷᠡᠭᠦᠯ ᠡᠩᠭᠡ ᠶᠢ ᠬᠠᠮᠠᠭᠠᠯᠠᠬᠤ ᠶᠢᠨ ᠲᠤᠰᠠᠳᠠ ᠤᠶᠢᠷ᠎ᠠ ᠶᠢᠨ ᠡᠳᠦᠷ ᠮᠠᠨ ᠤ ᠬᠤᠰᠢᠭᠤᠨ ᠤ ᠢᠳᠡᠭᠡᠨ | ᠣᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ︽ᠡᠷᠡᠭᠦᠯ ᠡᠩᠭᠡ ᠲᠤᠮᠳᠠᠳᠤ ᠤᠯᠤᠰ ᠤᠨ | ᠠᠶᠠᠨ — ᠰᠢᠨᠵᠢᠯᠡᠬᠦ ᠤᠬᠠᠭᠠᠨᠴᠢ ᠪᠠᠷ ᠪᠠᠶ᠎ᠡ ᠪᠠᠨ ᠪᠤᠯᠪᠠᠰᠤᠷᠠᠭᠤᠯᠬᠤ︾ ᠪᠠᠷ ᠭᠤᠤᠯ ᠰᠡᠳᠦᠪ ᠪᠤᠯᠭᠠᠭᠰᠠᠨ | ᠵᠠᠪᠰᠠᠷᠯᠠᠭ᠎ᠠ ᠶᠢᠨ ᠲᠠᠮᠢᠷ ᠤᠨ ᠬᠦᠳᠡᠯᠭᠡᠭᠡᠨ ᠢ ᠦᠷᠨᠢᠭᠦᠯᠦᠭᠰᠡᠨ ᠪᠠᠶᠢᠨ᠎ᠠ᠃ | ᠠᠵᠢᠯᠯᠠᠬᠤ ᠡᠳᠦᠷ ᠪᠤᠯᠭᠠᠨ ᠤ ᠥᠷᠯᠥᠬᠡ ᠶᠢᠨ 9 ᠴᠠᠭ ᠠᠴᠠ ᠡᠬᠢᠯᠡᠨ ᠲᠤᠪᠴᠢᠶᠠᠨ ᠤ ᠺᠠᠳ᠋ᠷ ᠠᠵᠢᠯᠳᠠᠳ | ᠲᠠᠮᠢᠷ ᠤᠨ ᠬᠦᠳᠡᠯᠭᠡᠭᠡᠨ ᠳᠤ ᠢᠳᠡᠪᠬᠢᠳᠡᠢ ᠤᠷᠤᠯᠴᠠᠨ ᠵᠤᠷᠢᠭᠳᠠᠢ ᠪᠤᠯᠪᠠᠰᠤᠷᠡᠵᠤ ᠪᠡᠶ᠎ᠡ ᠪᠠᠨ ᠰᠤᠯᠠ ᠲᠠᠯᠪᠢᠨ | ᠬᠦᠳᠡᠯᠦᠯ ᠪᠦᠷᠢ ᠶᠢ ᠬᠢᠨᠠᠮᠠᠭᠠᠢ ᠬᠢᠵᠤ ᠲᠠᠮᠢᠷ ᠤᠨ ᠭᠦᠳᠡᠯᠭᠡᠭᠡᠨ ᠳᠤ ᠤᠷᠤᠯᠴᠠᠬᠤ ᠪᠠᠶᠠᠷ ᠭᠦᠷ ᠢ ᠡᠳ᠋ᠯᠡᠵᠦ ᠪᠠᠶᠢᠨ᠎ᠠ᠃ | ᠬᠦᠳᠡᠯᠭᠡᠭᠡᠨ ᠬᠢᠬᠦ ᠨᠢ ᠶᠠᠳᠠᠷᠠᠭ᠎ᠠ ᠶᠢ ᠲᠠᠶᠢᠯᠵᠤ ᠴᠢᠳᠠᠬᠤ ᠪᠠᠷ ᠪᠠᠷᠠᠬᠤ ᠦᠭᠡᠢ ᠰᠡᠳᠬᠢᠯ ᠰᠠᠨᠠᠭ᠎ᠠ ᠶᠢ ᠲᠠᠶᠢᠪᠤᠭᠤᠨ | ᠪᠤᠯᠭᠠᠵᠤ ᠪᠠᠶ᠎ᠡ ᠮᠠᠬᠠᠪᠤᠳ ᠢ ᠴᠢᠬᠢᠷᠠᠭᠵᠢᠭᠤᠯᠳᠠᠭ᠃ | ᠬᠤᠰᠢᠭᠤ ᠢᠳᠡᠭᠡᠨ ᠣᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠠᠷᠠᠳ | ᠲᠦᠮᠡᠨ ᠤ ᠨᠡᠷᠡᠭᠦᠢ ᠨᠢᠳᠤᠷᠭ᠎ᠠ ᠪᠤᠯᠪᠠᠰᠤᠷᠠᠬᠤ ᠭᠦᠳᠡᠯᠭᠡᠭᠡᠨ ᠳᠤ ᠢᠳᠡᠪᠬᠢᠳᠠᠢ ᠤᠷᠤᠯᠴᠠᠬᠤ ᠤᠷᠮ᠎ᠠ ᠵᠤᠷᠢᠭ ᠢ ᠪᠦᠬᠦ | ᠲᠠᠯ᠎ᠠ ᠪᠠᠷ ᠬᠦᠭᠵᠢᠭᠡᠵᠦ ᠨᠡᠷᠡᠭᠦᠢ ᠨᠢᠳᠤᠷᠭ᠎ᠠ ᠪᠤᠯᠪᠠᠰᠤᠷᠠᠬᠤ ᠪᠠᠷ ᠲᠠᠮᠵᠢᠨ ᠪᠦᠬᠦ ᠠᠷᠠᠳ ᠤᠨ ᠪᠠᠶ᠎ᠡ ᠮᠠᠬᠠᠪᠤᠳ ᠤᠨ | ᠡᠷᠡᠭᠦᠯ ᠡᠩᠬᠡ ᠪᠤᠯᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠮᠡᠳᠡᠭᠳᠡᠮ᠎ᠡ ᠲᠡᠭᠡᠭᠰᠢᠯᠡᠭᠦᠯᠵᠦ ᠨᠡᠷᠡᠭᠦᠢ ᠨᠢᠳᠤᠷᠭ᠎ᠠ ᠶᠢ | ᠦᠨᠡᠨ ᠬᠦ ᠠᠷᠠᠳ ᠲᠦᠮᠡᠨ ᠤ ᠲᠤᠷᠠᠳᠠᠢ ᠮᠦᠷᠳᠡᠭᠡᠨ ᠭᠠᠷᠮᠠᠭᠠᠢ ᠨᠢᠭᠡ ᠲᠦᠷᠦᠯ ᠤᠨ ᠪᠠᠶ᠎ᠡ ᠴᠢᠬᠢᠷᠠᠭᠵᠢᠭᠤᠯᠬᠤ ᠤᠷ᠎ᠠ | ᠴᠢᠳᠠᠪᠤᠷᠢ ᠪᠤᠯᠭᠠᠬᠤ ᠪᠠᠷ ᠴᠢᠷᠮᠠᠶᠢᠵᠦ ᠪᠠᠶᠢᠨ᠎ᠠ᠃ |