ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠢᠷᠬᠤᠰᠤᠨ ᠪᠠᠯᠭᠠᠰᠤᠨ ᠳᠤ ᠬᠦᠷᠴᠦ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠭᠢᠴᠢᠶᠠᠯ ᠤᠷᠤᠪᠠ
ᠨᠡᠶᠢᠲᠡᠯᠡᠭᠰᠡᠨ ᠴᠠᠭ᠄
2018-12-03
     11 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠢᠷᠬᠤᠰᠤᠨ ᠪᠠᠯᠭᠠᠰᠤᠨ ᠳᠤ ᠬᠦᠷᠴᠦ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠭᠢᠴᠢᠶᠠᠯ ᠤᠷᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤᠬᠠᠭᠤᠯᠬᠤ ᠬᠡᠯᠲᠡᠰ  ᠤᠨ ᠲᠠᠷᠤᠭ᠎ᠠ ᠹᠧᠩ ᡁᠢ ᠮᠢᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠲᠠᠷᠤᠭ᠎ᠠ ᠸᠠᠩ ᠶᠥᠩ ᠴᠢᠩ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ ᠪᠠᠶᠠᠠᠴᠡᠩᠭᠡᠯ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠰᠢᠷᠬᠤᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠭᠠᠩ᠂ ᠬᠤᠰᠢᠭᠤ ᠤᠯᠤᠰ ᠲᠦᠷᠦ  ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠤᠳᠬ᠎ᠠ ᠤᠷᠠᠯᠢᠭ ᠤᠨ ᠬᠤᠯᠪᠤᠭᠠᠨ ᠤ ᠲᠡᠷᠢᠬᠦᠯᠡᠭᠴᠢ ᠤᠶᠤᠨᠪᠢᠯᠢᠭ᠌ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠵᠦᠩ ᠬᠤᠩ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠵᠤᠭᠢᠶᠠᠨ ᠪᠠᠶᠢᠭᠤᠯᠬᠤ ᠭᠡᠯᠳᠡᠰ ᠂ ᠨᠠᠮ ᠤᠨ ᠰᠤᠷᠭᠠᠭᠤᠯᠢ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠭᠡᠯᠳᠡᠰ ᠤᠨ ᠬᠠᠷᠢᠭᠤᠴᠠᠯᠭᠠᠳᠠᠨ᠂ ᠰᠢᠷᠬᠤᠰᠤᠨ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠥᠷᠢᠯᠳᠤᠭᠦᠨ᠂ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠥᠵᠢ ᠡᠷᠭᠢᠯᠡᠭᠴᠢ᠂ ᠲᠤᠤᠷᠵᠢᠯ ᠬᠠᠮᠢᠶᠠᠷᠤᠯᠲᠠ ᠶᠢᠨ ᠺᠠᠳ᠋ᠷ ᠠᠵᠢᠯᠳᠠᠨ᠂ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠨ ᠪᠥᠭᠦ ᠭᠡᠰᠢᠭᠦᠳ᠂ ᠲᠤᠭᠠᠷ ᠤᠨ ᠲᠤᠬᠤᠢ ᠲᠤᠰᠬᠤᠨ ᠤ ᠨᠠᠮ ᠤᠨ ᠭᠡᠰᠢᠭᠦᠨ ᠤᠯᠠᠨ ᠲᠥᠮᠡᠨ ᠤ ᠲᠥᠯᠥᠭᠡᠯᠡᠭᠴᠢ ᠰᠤᠷᠤᠯᠴᠠᠭ᠎ᠠ ᠳᠤ ᠤᠷᠤᠯᠴᠠᠪᠠ᠃      ᠭᠢᠴᠢᠶᠠᠯ ᠲᠡᠭᠡᠷ᠎ᠡ ᠵᠤᠤ ᠹᠸᠢ ᠯᠤ᠋ ︽ᠭᠢᠷᠢ ᠲᠡᠩᠴᠡᠭᠰᠠᠨ ᠨᠠᠮ ᠤᠨ ᠭᠡᠰᠢᠭᠦᠨ ᠪᠤᠯᠬᠤ ᠳᠤ ᠭᠤᠤᠯᠳᠠᠯᠭ᠎ᠠ ᠨᠢ ᠨᠠᠮ ᠤᠨ ᠭᠡᠰᠢᠭᠦᠨ ᠤ ᠡᠭᠦᠷᠭᠡ ᠪᠠᠨ ᠭᠥᠢᠴᠡᠳᠭᠡᠭᠦ ᠳᠤ ᠪᠤᠢ︾ ᠬᠡᠬᠦ ᠪᠠᠷ ᠭᠤᠤᠯ ᠰᠡᠳᠤᠪ ᠪᠤᠯᠭᠠᠨ᠂ ᠨᠠᠮ ᠤᠨ ᠭᠡᠰᠢᠭᠦᠨ ᠤ ᠡᠭᠦᠷᠭᠡ ᠶᠢᠨ ᠲᠤᠬᠠᠢ ᠲᠤᠭᠳᠠᠭᠠᠯ᠂ ᠨᠠᠮ ᠤᠨ ᠭᠡᠰᠢᠭᠦᠨ ᠤ ᠨᠠᠢᠮᠠᠨ ᠲᠥᠷᠥᠯ ᠤᠨ ᠲᠤᠭᠳᠠᠭᠠᠯ ᠤᠨ ᠡᠭᠦᠷᠭᠡ ᠶᠢᠨ ᠠᠭᠤᠯᠠᠭᠳᠠᠬᠤᠨ᠂ ᠡᠭᠦᠷᠭᠡ ᠪᠠᠨ ᠭᠥᠢᠴᠡᠳᠭᠡᠭᠦ ᠪᠤᠯ ᠨᠠᠮ ᠤᠨ ᠭᠡᠰᠢᠭᠦᠨ ᠤ ᠲᠠᠷᠬᠠᠨ ᠡᠭᠦᠷᠭᠡ ᠪᠤᠯᠬᠤ ᠵᠡᠷᠭᠡ ᠭᠤᠷᠪᠠᠨ ᠲᠠᠯ᠎ᠠ ᠪᠠᠷ ᠨᠡᠶᠢᠳᠡᠯᠢᠭ ᠵᠢᠱᠢᠶ᠎ᠠ ᠲᠠᠢ ᠤᠶᠠᠯᠳᠤᠭᠤᠯᠤᠨ ᠡᠭᠡᠯ ᠪᠤᠷᠤᠭᠵᠢᠭᠤᠨ ᠭᠡᠯᠡ ᠭᠡᠯᠡᠯᠭᠡ ᠪᠠᠷ ᠨᠠᠮ ᠤᠨ ᠭᠡᠰᠢᠭᠦᠨ ᠶᠠᠮᠠᠷ ᠡᠭᠦᠷᠭᠡ ᠶᠢ ᠭᠥᠢᠴᠡᠳᠭᠡᠭᠦ ᠴᠢᠬᠤᠯᠠ ᠲᠠᠢ᠂ ᠡᠭᠦᠷᠭᠡ ᠪᠠᠨ ᠶᠠᠭᠠᠭᠢᠵᠤ ᠭᠥᠢᠴᠡᠳᠭᠡᠭᠦ ᠵᠡᠷᠭᠡ ᠶᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃      ᠲᠤᠰ ᠤᠳᠠᠭᠠᠨ ᠤ ᠨᠠᠮ ᠤᠨ ᠭᠢᠴᠢᠶᠠᠯ ᠢᠶᠠᠷ ᠲᠠᠮᠵᠢᠭᠠᠳ ᠨᠠᠮ ᠤᠨ ᠭᠡᠰᠢᠭᠦᠨ ᠺᠠᠳ᠋ᠷᠴᠤᠳ ᠤᠨ ᠢᠳᠡᠭᠡᠯ ᠭᠥᠰᠡᠯ ᠢ ᠤᠯᠠᠮ ᠨᠢᠭᠡ ᠠᠯᠬᠤᠮ ᠪᠠᠳᠤᠳᠬᠠᠨ ᠡᠭᠦᠷᠭᠡᠯᠡᠭᠦ ᠴᠢᠬᠤᠯᠠ ᠲᠠᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠤ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠶᠢ ᠨᠠᠩ ᠰᠠᠶᠢᠨ ᠡᠭᠦᠷᠭᠡᠯᠡᠭᠦ ᠶᠢ ᠠᠭᠢᠭᠤᠯᠵᠤ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠶᠢ ᠠᠭᠢᠭᠤᠯᠬᠤ ᠳᠤ ᠡᠷᠡᠰ ᠪᠠᠲᠤᠯᠠᠭ᠎ᠠ ᠬᠠᠩᠭᠠᠵᠤ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号