ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠡᠩ ᠤᠨ ᠨᠠᠮ ᠤᠨ ᠭᠡᠰᠢᠭᠦᠨ ᠤ ᠬᠤᠪᠢ ᠪᠠᠷ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ ᠬᠠᠮᠳᠤ  ᠶᠢᠨ ᠰᠤᠷᠤᠯᠴᠠᠯᠭ᠎ᠠ ᠳᠤ ᠤᠷᠤᠯᠴᠠᠪᠠ
ᠨᠡᠶᠢᠲᠡᠯᠡᠭᠰᠡᠨ ᠴᠠᠭ᠄
2018-12-03
     11 ᠰᠠᠷ᠎ᠠ ᠶᠢᠨ 29 ᠤ ᠡᠳᠦᠷ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠠᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠤᠳᠤᠷᠢᠳᠤᠯᠭ᠎ᠠ ᠪᠠᠶᠠᠠᠴᠡᠩᠭᠡᠯ᠂ ᠪᠠᠶᠠᠠᠴᠢᠮᠡᠭ᠂ ᠯᠢ ᠬᠤᠩ ᠯᠢᠶᠠᠩ᠂ ᠯᠢ ᠵᠢᠶᠠᠨ ᠱᠢ ᠨᠠᠷ ᠡᠩ ᠤᠨ ᠨᠠᠮ ᠤᠨ ᠭᠡᠰᠢᠭᠦᠨ ᠤ ᠬᠤᠪᠢ ᠪᠠᠷ ᠵᠠᠰᠠᠭ ᠤᠨ ᠤᠷᠳᠤᠨ ᠤ ᠠᠯᠪᠠᠨ ᠭᠡᠷ ᠤᠨ ᠪᠥᠭᠦ ᠨᠠᠮ ᠤ ᠭᠡᠰᠢᠭᠦᠳ ᠲᠠᠢ ᠬᠠᠮᠳᠤ ᠪᠠᠷ ᠨᠠᠮ ᠤᠨ ᠡᠭᠦᠷ ᠤᠨ ᠬᠠᠮᠳᠤ ᠶᠢᠨ ᠰᠤᠷᠤᠯᠴᠠᠯᠭ᠎ᠠ ᠳᠤ ᠤᠷᠤᠯᠴᠠᠭᠰᠠᠨ ᠪᠠᠶᠢᠨ᠎ᠠ᠃      ᠰᠤᠷᠤᠯᠴᠠᠯᠭ᠎ᠠ ᠲᠡᠭᠡᠷ᠎ᠡ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ︽ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠨᠠᠮ ᠤᠨ ᠲᠥᠷᠢᠮ ᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢᠨ ᠥᠢᠯᠡᠳᠤᠯᠭᠡᠵᠢᠭᠦᠯᠥᠭᠴᠢ ᠪᠤᠯᠬᠤ︾ ᠪᠠᠷ ᠭᠤᠤᠯ ᠰᠡᠳᠤᠪ ᠪᠤᠯᠭᠠᠨ ᠶᠠᠭᠤ ᠶᠢ ᠨᠠᠮ ᠤᠨ ᠲᠥᠷᠢᠮ ᠭᠡᠭᠦ᠂ ᠨᠠᠮ ᠤᠨ ᠲᠥᠷᠢᠮ ᠤᠨ ᠭᠥᠭᠵᠢᠯᠳᠠ ᠶᠢᠨ ᠲᠠᠤᠭᠡ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠨᠠᠮ ᠤᠨ ᠲᠥᠷᠢᠮ ᠳᠤ ᠵᠠᠰᠠᠪᠤᠷᠢ ᠤᠷᠤᠭᠤᠯᠤᠭᠰᠠᠨ ᠭᠤᠤᠯ ᠠᠭᠤᠯᠭ᠎ᠠ ᠵᠡᠷᠭᠡ ᠭᠤᠷᠪᠠᠨ ᠲᠠᠯ᠎ᠠ ᠪᠠᠷ ᠨᠠᠮ ᠤᠨ ᠲᠥᠷᠢᠮ ᠤᠨ ᠬᠤᠯᠪᠤᠭᠳᠠᠯ ᠪᠥᠭᠦᠢ ᠮᠡᠳᠡᠯᠭᠡ ᠶᠢ ᠪᠥᠭᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠭᠰᠠᠨ ᠪᠠᠶᠢᠨ᠎ᠠ᠃      ᠬᠠᠮᠳᠤ ᠶᠢᠨ ᠰᠤᠷᠤᠯᠴᠠᠯᠭ᠎ᠠ ᠶᠢᠨ ᠲᠠᠷᠠᠭ᠎ᠠ ᠵᠤᠤ ᠹᠸᠢ ᠯᠤ᠋ ᠵᠢᠭᠠᠬᠤ ᠳᠤ ᠪᠠᠨ᠂ ᠨᠠᠮ ᠤᠨ ᠲᠥᠷᠢᠮ ᠪᠤᠯ ᠨᠠᠮ  ᠤᠨ ᠶᠠᠷᠤᠩᠭᠡᠢ ᠲᠥᠷᠢᠮ ᠪᠤᠯᠤᠨ᠎ᠠ᠂ ᠠᠯᠪᠠᠨ ᠭᠡᠷ ᠤᠨ ᠨᠠᠮ ᠤᠨ ᠡᠭᠦᠷ ᠤᠨ ᠪᠥᠭᠦ ᠨᠠᠮ ᠤᠨ ᠭᠡᠰᠢᠭᠦᠨ ᠨᠠᠮ ᠤᠨ ᠲᠥᠷᠢᠮ ᠢ ᠰᠤᠷᠤᠯᠴᠠᠬᠤ ᠶᠢ ᠵᠠᠪᠠᠯ ᠰᠤᠷᠤᠯᠴᠠᠬᠤ ᠭᠢᠴᠢᠶᠠᠯ ᠪᠤᠯᠭᠠᠨ᠂ ᠨᠠᠮ ᠤᠨ ᠲᠥᠷᠢᠮ ᠢ ᠥᠪᠠᠷ ᠤᠨ ᠥᠢᠯᠡ ᠠᠵᠢᠯᠯᠠᠭᠠᠨ ᠤ ᠵᠥᠭᠯᠡᠭᠦᠷ ᠪᠤᠯᠭᠠᠬᠤ ᠬᠡᠷᠡᠭᠲᠠᠢ᠃ ᠨᠠᠮ ᠤᠨ ᠭᠡᠰᠢᠭᠦᠨ ᠤ ᠡᠭᠦᠷᠭᠡ ᠪᠤᠯᠤᠨ ᠡᠷᠭᠡ ᠪᠠᠨ ᠭᠥᠢᠴᠡᠳ ᠲᠠᠨᠢᠵᠤ᠂ ᠪᠤᠳᠠᠳᠠᠢ ᠠᠵᠢᠯ ᠤᠨ ᠲᠤᠮᠳᠠ ᠪᠠᠨ ᠨᠠᠮ ᠤᠨ ᠲᠥᠷᠢᠮ ᠢ ᠥᠢᠯᠡᠳᠤᠯᠭᠡᠵᠢᠭᠦᠯᠵᠤ᠂ ᠨᠠᠮ ᠤᠨ ᠭᠡᠰᠢᠭᠦᠨ ᠤ ᠡᠭᠦᠷᠭᠡ ᠪᠠᠨ ᠤᠬᠠᠮᠰᠠᠷ ᠠᠴᠠ ᠪᠠᠨ ᠭᠥᠢᠴᠡᠳᠭᠡᠨ᠂ ᠨᠠᠮ ᠤᠨ ᠲᠥᠷᠢᠮ ᠢ ᠰᠤᠷᠤᠯᠴᠠᠬᠤ ᠪᠤᠯᠤᠨ ᠢᠳᠡᠭᠡᠯ ᠭᠥᠰᠡᠯ  ᠢᠶᠠᠨ ᠪᠠᠳᠤᠳᠬᠠᠬᠤ᠂ ᠨᠠᠮ ᠤᠨ ᠰᠠᠭᠢᠯᠭ᠎ᠠ ᠵᠢᠷᠤᠮ ᠢ ᠵᠢᠷᠤᠮᠯᠠᠬᠤ᠂ ᠠᠵᠢᠯ ᠢᠶᠠᠨ ᠠᠭᠢᠭᠤᠯᠬᠤ ᠶᠢ ᠬᠠᠷᠢᠯᠴᠠᠨ ᠤᠶᠠᠯᠳᠤᠭᠤᠯᠵᠤ᠂ ᠬᠠᠷᠢᠭᠤᠴᠠᠯᠭ᠎ᠠ ᠶᠢᠨ ᠲᠠᠨᠢᠯᠳᠠ᠂ ᠡᠭᠦᠷᠭᠡᠯᠡᠭᠦ ᠲᠠᠨᠢᠯᠳᠠ᠂ ᠰᠢᠨ᠎ᠠ ᠶᠢ ᠡᠭᠦᠳᠭᠦ ᠲᠠᠨᠢᠯᠳᠠ ᠶᠢ ᠤᠯᠠᠮ ᠨᠢᠭᠡ ᠠᠯᠠᠬᠤᠮ ᠲᠡᠭᠡᠭᠰᠢᠯᠠᠭᠦᠯᠵᠤ ᠪᠤᠳᠠᠳᠠᠢ ᠠᠵᠢᠯᠯᠠᠨ ᠨᠠᠶᠢᠳᠠᠪᠤᠷᠢᠭᠤᠯᠤᠯᠳᠠ ᠶᠢ ᠴᠢᠩᠭ᠎ᠠ ᠠᠳᠬᠤᠬᠤ ᠭᠡᠷᠡᠭᠳᠠᠢ ᠭᠡᠵᠡᠢ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠠᠯᠪᠠᠨ ᠭᠡᠷ ᠪᠤᠯ ᠵᠠᠰᠠᠭ ᠤᠨ ᠤᠷᠳᠤᠨ ᠤ ᠰᠢᠰᠲ᠋ᠧᠮ ᠤᠨ ᠡᠷᠭᠢᠯᠳᠠ ᠶᠢᠨ ᠵᠠᠩᠭᠢᠯᠠᠭ᠎ᠠ ᠪᠠᠶᠢᠵᠤ᠂ ᠱᠠᠭᠠᠷᠳᠠᠨ ᠪᠠᠶᠢᠴᠠᠭᠠᠯᠳᠠ ᠭᠢᠭᠦ᠂ ᠲᠡᠭᠡᠷᠡᠭᠢ ᠶᠢ ᠵᠠᠯᠭᠠᠮᠵᠢᠯᠠᠨ ᠲᠤᠷᠤᠭᠰᠢ ᠤᠯᠠᠮᠵᠢᠯᠠᠬᠤ᠂ ᠭᠠᠳᠠᠭᠠᠳᠤ ᠲᠤᠳᠤᠭᠠᠳᠤ ᠶᠢ ᠬᠤᠯᠪᠤᠬᠤ ᠥᠢᠯᠡᠴᠢᠯᠡᠭᠡᠨ ᠤ ᠥᠢᠯᠡᠳᠤᠯ ᠲᠠᠢ ᠶᠤᠮ᠃ ᠪᠥᠭᠦ ᠨᠠᠮ  ᠤᠨ ᠭᠡᠰᠢᠭᠦᠨ ᠺᠠᠳ᠋ᠷᠴᠤᠳ ᠨᠠᠮ ᠳᠤ ᠪᠠᠨ ᠥᠨᠠᠠᠴᠢ᠂ ᠠᠷᠠᠳ ᠲᠥᠮᠡᠨ ᠳᠤ ᠥᠢᠯᠡᠴᠢᠯᠠᠨ᠂ ᠥᠢᠯᠡᠰ ᠢᠶᠠᠨ ᠲᠡᠭᠡᠳᠤᠯᠠᠵᠤ᠂ ᠭᠤᠤᠯᠴᠢ ᠪᠠᠷ ᠠᠵᠢᠯ ᠢ ᠡᠷᠭᠢᠯᠠᠭᠦ ᠰᠠᠶᠢᠨ ᠰᠠᠶᠢᠬᠠᠨ ᠤᠯᠤᠰ ᠲᠥᠷᠥ ᠶᠢᠨ ᠭᠡᠪ ᠴᠢᠨᠠᠷ ᠪᠠ ᠠᠵᠢᠯ  ᠤᠨ ᠰᠤᠷᠳᠠᠯ ᠲᠠᠢ ᠪᠠᠶᠢᠬᠤ ᠭᠡᠷᠡᠭᠳᠠᠢ᠃ ᠠᠯᠪᠠᠨ ᠭᠡᠷ ᠤᠨ ᠠᠵᠢᠯ ᠢ ᠭᠥᠨᠳᠤᠳᠭᠡᠨ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠴᠢᠨᠠᠷ ᠰᠠᠶᠢᠳᠠᠢ ᠭᠥᠭᠵᠢᠯᠳᠠ ᠳᠤ ᠭᠥᠴᠤᠨ ᠴᠢᠳᠠᠯ ᠢᠶᠠᠨ ᠡᠷᠭᠦᠭᠦ ᠭᠡᠷᠡᠭᠳᠠᠢ᠃  ᠵᠠᠪᠠᠯ ᠠᠷᠢᠭᠤᠨ ᠴᠢᠭᠡᠴᠢ ᠤᠯᠤᠰ ᠲᠥᠷᠥ ᠶᠢᠨ ᠵᠠᠩ ᠴᠢᠨᠠᠷ ᠲᠠᠢ ᠪᠠᠶᠢᠵᠤ᠂ ᠨᠠᠮ ᠤᠨ ᠲᠥᠪ ᠬᠤᠷᠢᠶ᠎ᠠ ᠲᠠᠢ ᠨᠢᠭᠡᠳᠤᠯᠳᠠᠢ ᠪᠠᠶᠢᠬᠤ ᠶᠢ ᠢᠮᠠᠭᠳᠠ ᠪᠠᠷᠢᠮᠳᠠᠯᠬᠤ ᠭᠡᠷᠡᠭᠳᠠᠢ᠃ ᠶᠠᠳᠠᠷᠠᠵᠤ ᠵᠥᠳᠡᠷᠡᠭᠦ ᠠᠴᠠ ᠬᠠᠯᠠᠰᠢᠷᠠᠬᠤ ᠥᠭᠡᠢ ᠵᠤᠷᠭᠳᠠᠢ ᠤᠷᠤᠭᠰᠢ ᠲᠠᠪᠰᠢᠬᠤ ᠵᠤᠷᠢᠭ ᠰᠠᠨᠠᠭ᠎ᠠ ᠲᠠᠢ ᠪᠠᠶᠢᠵᠤ᠂ ᠰᠢᠷᠭᠠᠭᠤ ᠬᠠᠳᠠᠭᠤᠵᠢᠯᠳᠠᠢ ᠠᠵᠢᠯᠯᠠᠨ ᠥᠢᠯᠡᠰ ᠪᠥᠳᠥᠭᠡᠵᠤ ᠰᠤᠷᠤᠯᠴᠠᠯᠭ᠎ᠠ ᠪᠠᠨ ᠴᠢᠩᠭᠠᠳᠬᠠᠨ ᠠᠵᠢᠯ ᠤᠨ ᠴᠢᠳᠠᠪᠤᠷᠢ ᠪᠠᠨ ᠲᠡᠭᠡᠭᠰᠢᠯᠡᠭᠦᠯᠵᠤ ᠥᠪᠠᠷ ᠤᠨ ᠭᠡᠪ ᠪᠤᠯᠪᠠᠰᠤᠷᠠᠯ  ᠢᠶᠠᠨ ᠲᠡᠭᠡᠭᠰᠢᠯᠡᠭᠦᠯᠤᠨ ᠠᠵᠢᠯ ᠤᠨ ᠤᠷᠤᠭᠰᠢᠳᠠᠢ ᠠᠭᠢᠬᠤ ᠶᠢ ᠪᠠᠳᠤᠯᠠᠬᠤ ᠭᠡᠷᠡᠭᠳᠠᠢ᠃ ᠰᠤᠷᠤᠯᠴᠠᠯᠭ᠎ᠠ ᠥᠢᠯᠡᠳᠤᠯᠭᠡ ᠳ᠋ᠥᠩᠨᠠᠯᠳᠠ ᠲᠤᠮᠳᠠ ᠠᠵᠢᠯ ᠤᠨ ᠠᠷᠭ᠎ᠠ ᠭᠡᠯᠪᠠᠷᠢ ᠪᠠᠨ ᠲᠠᠰᠤᠷᠠᠯᠲᠠ ᠦᠭᠡᠢ ᠦᠭᠡᠷᠡᠴᠢᠯᠡᠵᠤ ᠠᠵᠢᠯ ᠤᠨ ᠭᠢᠷᠢ ᠲᠥᠪᠰᠢᠨ ᠢᠶᠠᠨ ᠲᠡᠭᠡᠭᠰᠢᠯᠡᠭᠦᠯᠵᠤ ᠴᠠᠭ ᠥᠶ᠎ᠠ ᠠᠴᠠ ᠥᠭᠭᠦᠭᠰᠠᠨ ᠭᠥᠨᠳᠤ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠤ ᠵᠠᠮ ᠨᠡᠭᠡᠭᠡᠨ ᠤᠷᠤᠭᠰᠢᠯᠠᠵᠤ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠶᠢ ᠠᠭᠢᠭᠤᠯᠬᠤ ᠳᠤ ᠥᠪᠠᠷ ᠤᠨ ᠬᠤᠪᠢ ᠨᠠᠮᠠᠷᠢ ᠪᠠᠨ ᠡᠷᠭᠦᠭᠦ ᠬᠡᠷᠡᠭᠲᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号